12 ᠳ᠋ᠤᠭᠠᠷ ᠰᠠᠷ᠎ᠠ ᠶᠢᠨ 30 ᠤ ᠡᠳᠦᠷ᠂ 31 ᠤ ᠡᠳᠦᠷ ᠮᠠᠨ ᠤ ᠬᠤᠲᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠢ ᠲᠦᠷ ᠵᠣᠭᠰᠣᠭᠠᠨ᠎ᠠ
ᠨᠡᠶᠢᠲᠡᠯᠡᠭᠰᠡᠨ ᠴᠠᠭ᠄
2021/12/23
      ︵ᠰᠤᠷᠪᠤᠯᠵᠢᠯᠠᠭᠴᠢ ᠶᠦᠨ ᠶᠠᠨ ᠹᠠᠩ︶ 22 ᠤᠨ ᠡᠳᠦᠷ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ᠣᠶᠢᠯᠠᠭᠠᠭᠰᠠᠨ ᠢᠶᠠᠷ᠂ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠦᠷᠢᠮ︾ ᠪᠠ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠨᠢᠭᠲᠠᠯᠠᠨ ᠪᠤᠳᠤᠵᠤ ᠲᠣᠭᠠᠴᠠᠭ᠎ᠠ ᠬᠢᠬᠦ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠲᠣᠰ ᠲᠥᠪ 2021 ᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠯ ᠤᠨ ᠡᠴᠦᠰ ᠤᠨ ᠲᠥᠰᠦᠪ ᠤᠨ ᠭᠦᠢᠴᠡᠳᠬᠡᠯ ᠤᠨ ᠠᠵᠢᠯ ᠢ ᠥᠷᠨᠢᠭᠦᠯᠬᠦ ᠪᠠᠷ ᠪᠣᠶ᠃ ᠲᠥᠰᠦᠪ ᠤᠨ ᠭᠦᠢᠴᠡᠳᠬᠡᠯ ᠤᠨ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠪᠠᠲᠤᠯᠠᠬᠤ ᠶᠢᠨ ᠲᠥᠯᠥᠭᠡ᠂ ᠲᠥᠪ ᠤᠨ ᠡᠯ᠎ᠡ ᠡᠵᠡᠩᠨᠡᠯᠲᠡ ᠶᠢᠨ ᠲᠣᠤᠷ ᠴᠡᠭ ᠤᠳ 2021 ᠣᠨ ᠤ 12 ᠳ᠋ᠤᠭᠠᠷ ᠰᠠᠷ᠎ᠠ ᠶᠢᠨ 30᠂ 31ᠬᠤᠶᠠᠷ ᠡᠳᠦᠷ ᠲᠤ ᠪᠣᠶ ᠪᠥᠬᠦᠶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠨ ᠲᠦᠷ ᠵᠣᠭᠰᠣᠭᠠᠨ᠎ᠠ᠃  2021 ᠣᠨ ᠤ 12 ᠳ᠋ᠤᠭᠠᠷ ᠰᠠᠷ᠎ᠠ ᠶᠢᠨ 30 ᠤ ᠡᠳᠦᠷ ᠠᠴᠠ 2022 ᠣᠨ ᠤ 1 ᠳ᠋ᠦ᠋ᠭᠡᠷ ᠰᠠᠷ᠎ᠠ ᠶᠢᠨ 3 ᠤ ᠡᠳᠦᠷ ᠪᠣᠯᠲᠠᠯ᠎ᠠ᠂ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠤᠨ ᠲᠢᠩᠬᠢᠮ᠂ ᠬᠥᠬᠡᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ App᠂ ᠸᠢᠴᠠᠲ ᠤᠨ ᠣᠯᠠᠨ ᠨᠡᠶᠢᠲᠡ ᠶᠢᠨ ᠲᠠᠪᠴᠠᠩ᠂ VTM ᠮᠠᠰᠢᠨ᠂ ︽ᠬᠠᠶᠢᠷ᠎ᠠ ᠶᠢᠨ ᠬᠥᠬᠡᠬᠤᠲᠠ︾ App᠂ ︽ᠮᠥᠩᠬᠡ ᠰᠤᠪᠠᠭ︾ App ᠤᠨ ᠬᠥᠬᠡᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠰᠤᠪᠠᠭ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡ ᠶᠢᠨ ᠠᠷᠭ᠎ᠠ ᠵᠠᠮ ᠢ ᠲᠦᠷ ᠬᠠᠭᠠᠵᠤ᠂ 2022 ᠣᠨ ᠤ 1 ᠳ᠋ᠦ᠋ᠭᠡᠷ ᠰᠠᠷ᠎ᠠ ᠶᠢᠨ 4 ᠤ ᠡᠳᠦᠷ ︵ᠭᠠᠷᠠᠭ ᠤᠨ ᠬᠤᠶᠠᠷ︶ ᠠᠴᠠ ᠡᠬᠢᠯᠡᠨ ᠪᠥᠬᠦ ᠠᠷᠭ᠎ᠠ ᠵᠠᠮ ᠤᠨ ᠲᠤᠬᠠᠶᠢᠯᠠᠭᠰᠠᠨ ᠠᠵᠢᠯ ᠢ ᠰᠡᠷᠭᠦᠭᠡᠨ᠎ᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ