ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠴᠤᠭᠯᠠᠷᠠᠯ ᠰᠦᠯᠵᠢᠶᠡᠨ ᠤ ᠠᠭᠤᠯᠭ᠎ᠠ ᠶᠢ ᠮᠠᠰᠢᠨ ᠢᠶᠠᠷ ᠬᠢᠨᠠᠨ ᠪᠠᠶᠢᠴᠠᠭᠠᠬᠤ ᠰᠢᠰᠲ᠋ᠧᠮ ᠢ ᠬᠡᠷᠡᠭᠯᠡᠵᠦ ᠡᠬᠢᠯᠡᠪᠡ
ᠨᠡᠶᠢᠲᠡᠯᠡᠭᠰᠡᠨ ᠴᠠᠭ᠄
2021/12/24
      ᠣᠶᠢᠷ᠎ᠠ ᠳᠤ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠴᠤᠭᠯᠠᠷᠠᠯ ᠰᠦᠯᠵᠢᠶᠡᠨ ᠤ ᠠᠭᠤᠯᠭ᠎ᠠ ᠶᠢ ᠮᠠᠰᠢᠨ ᠢᠶᠠᠷ ᠬᠢᠨᠠᠨ ᠪᠠᠶᠢᠴᠠᠭᠠᠬᠤ ᠰᠢᠰᠲ᠋ᠧᠮ ᠢ ᠵᠢᠩᠬᠢᠨᠢ ᠪᠠᠷ ᠡᠬᠢᠯᠡᠨ ᠬᠡᠷᠡᠭᠯᠡᠵᠦ᠂ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ ᠪᠠᠷ ᠳᠠᠮᠵᠢᠭᠤᠯᠤᠨ ᠰᠦᠯᠵᠢᠶᠡᠨ ᠤ ᠡᠷᠡᠭᠦᠯ ᠪᠦᠭᠡᠳ ᠠᠮᠤᠷ ᠲᠦᠪᠰᠢᠨ‌ᠠᠵᠢᠯᠯᠠᠬᠤ ᠶᠢ ᠪᠠᠳᠤᠯᠠᠵᠤ ᠪᠠᠶᠢᠨ᠎ᠠ᠃       ᠣᠶᠢᠯᠠᠭᠠᠭᠰᠠᠨ ᠢᠶᠠᠷ᠂ ᠲᠣᠰ ᠰᠦᠯᠵᠢᠶᠡᠨ ᠳᠡᠭᠡᠷᠡᠬᠢ ᠬᠢᠨᠠᠨ ᠪᠠᠶᠢᠴᠠᠭᠠᠬᠤ ᠰᠢᠰᠲ᠋ᠧᠮ ᠨᠢ ᠬᠤᠲᠠ ᠶᠢᠨ ᠵᠠᠰᠠᠭ ᠤᠨ ᠣᠷᠳᠤᠨ ᠵᠢᠴᠢ 9 ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠪᠦᠬᠦ ᠠᠭᠤᠯᠭ᠎ᠠ ᠶᠢ ᠪᠠᠶᠢᠩᠭᠤ ᠶᠢᠨ ᠴᠢᠨᠠᠷᠳᠠᠢ ᠬᠢᠨᠠᠨ ᠪᠠᠶᠢᠴᠠᠭᠠᠵᠤ ᠴᠢᠳᠠᠬᠤ ᠮᠥᠷᠲᠡᠭᠡᠨ ᠪᠦᠬᠦ ᠰᠦᠯᠵᠢᠶᠡᠨ ᠤ ᠲᠤᠭ᠎ᠠ ᠪᠠᠷᠢᠮᠲᠠ᠂ ᠪᠤᠷᠤᠭᠤ ᠥᠰᠥᠭ᠂ ᠬᠡᠪ ᠤᠨ ᠪᠣᠰᠤ ᠬᠤᠯᠪᠤᠭᠠᠰᠤ ᠪᠠ ᠠᠭᠤᠯᠭ᠎ᠠ ᠶᠢᠨ ᠰᠢᠨᠡᠴᠢᠯᠡᠯᠲᠡ ᠶᠢᠨ ᠪᠠᠶᠢᠳᠠᠯ ᠵᠡᠷᠭᠡ ᠶᠢ ᠪᠥᠬᠦ ᠲᠠᠯ᠎ᠠ ᠪᠠᠷ᠂ ᠨᠠᠷᠢᠯᠢᠭ ᠣᠨᠤᠪᠴᠢᠲᠠᠢ ᠬᠢᠨᠠᠨ ᠪᠠᠶᠢᠴᠠᠭᠠᠵᠤ ᠴᠢᠳᠠᠨ᠎ᠠ᠃ ᠲᠤᠰ ᠬᠢᠨᠠᠨ ᠪᠠᠶᠢᠴᠠᠭᠠᠬᠤ ᠰᠢᠰᠲ᠋ᠧᠮ ᠢ ᠡᠬᠢᠯᠡᠵᠦ ᠬᠡᠷᠡᠭᠯᠡᠭᠰᠡᠨ ᠨᠢ ᠰᠦᠯᠵᠢᠶᠡᠨ ᠤ ᠠᠭᠤᠯᠭ᠎ᠠ ᠶᠢᠨ ᠶᠠᠰᠤ ᠴᠢᠨᠠᠷ ᠢ ᠨᠡᠩ ᠰᠠᠶᠢᠨ ᠪᠠᠳᠤᠯᠠᠵᠤ ᠴᠢᠳᠠᠬᠤ ᠪᠠᠷ ᠪᠠᠷᠠᠬᠤ ᠦᠭᠡᠢ᠂ ᠬᠥᠮᠦᠨ ᠤ ᠬᠦᠴᠦ ᠪᠠᠷ ᠦᠭᠡ ᠦᠬᠦᠯᠡᠪᠦᠷᠢ ᠡᠷᠢᠵᠦ ᠬᠠᠶᠢᠬᠤ ᠳᠤ ᠴᠠᠭ ᠶᠡᠭᠡ ᠵᠠᠷᠤᠴᠠᠭᠤᠯᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ ᠴᠢᠳᠠᠭᠰᠠᠨ ᠪᠠᠶᠢᠨ᠎ᠠ᠃      ᠴᠢᠩᠭ᠎ᠠ ᠨᠢᠮᠪᠠᠶ᠂ ᠵᠥᠪ ᠣᠨᠣᠪᠴᠢᠲᠠᠶ ᠪᠠᠶᠢᠬᠤ ᠪᠣᠯ ᠵᠠᠰᠠᠭ ᠤᠨ ᠣᠷᠳᠣᠨ ᠤ ᠰᠦᠯᠵᠢᠶᠡᠨ ᠤ ᠮᠡᠳᠡᠭᠡ ᠵᠠᠩᠭᠢ ᠨᠡᠶᠢᠲᠡᠯᠡᠬᠦ ᠬᠠᠮᠤᠭ ᠤᠨ ᠦᠨᠳᠦᠰᠦᠨ ᠱᠠᠭᠠᠷᠳᠠᠯᠭ᠎ᠠ ᠮᠥᠨ᠃ ᠰᠦᠯᠵᠢᠶᠡᠨ ᠤ ᠠᠭᠤᠯᠭ᠎ᠠ ᠶᠢ ᠮᠠᠰᠢᠨ ᠢᠶᠠᠷ ᠬᠢᠨᠠᠨ ᠪᠠᠶᠢᠴᠠᠭᠠᠬᠤ ᠰᠢᠰᠲ᠋ᠧᠮ ᠤᠨ ᠬᠡᠷᠡᠭᠯᠡᠯᠲᠡ ᠨᠢ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢ ᠪᠠᠶᠢᠴᠠᠭᠠᠨ ᠵᠠᠯᠠᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠪᠦᠲᠦᠮᠵᠢᠲᠡᠶ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂  ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠶᠢᠨ ᠮᠡᠳᠡᠭᠡ ᠵᠠᠩᠭᠢ ᠶᠢᠨ ᠣᠨᠣᠪᠴᠢᠲᠤ ᠴᠢᠨᠠᠷ ᠢ ᠪᠠᠲᠤᠯᠠᠵᠤ᠂ ᠰᠦᠯᠵᠢᠶᠡᠨ ᠤ ᠠᠭᠤᠯᠭ᠎ᠠ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠪᠣᠯᠤᠨ᠎ᠠ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ