ᠬᠦᠬᠡᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠤᠬᠠᠭᠤᠯᠭ᠎ᠠ ᠶᠢᠨ ᠠᠵᠢᠯᠯᠠᠭ᠎ᠠ ᠣᠶᠢᠷ᠎ᠠ ᠳᠤ ᠶᠠᠪᠤᠭᠳᠠᠯ᠎ᠠ
ᠨᠡᠶᠢᠲᠡᠯᠡᠭᠰᠡᠨ ᠴᠠᠭ᠄
2021/12/27
      ᠬᠦᠬᠡᠬᠤᠲᠠ ᠶᠢᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ ᠶᠢ ᠨᠡᠩ ᠣᠯᠠᠨ ᠬᠦᠮᠦᠨ ᠳᠤ ᠮᠡᠳᠡᠭᠦᠯᠵᠦ ᠲᠠᠨᠢᠭᠤᠯᠤᠨ᠂ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠣᠯᠠᠨ ᠲᠦᠮᠡᠨ ᠳᠤ ᠦᠢᠯᠡᠴᠢᠯᠡᠬᠦ ᠬᠦᠷᠢᠶ᠎ᠡ ᠬᠡᠪᠴᠢᠶ᠎ᠡ ᠶᠢ ᠦᠷᠭᠡᠳᠭᠡᠬᠦ ᠶᠢᠨ ᠲᠥᠯᠦᠭᠡ᠂ ᠣᠶᠢᠷ᠎ᠠ ᠶᠢᠨ ᠡᠳᠦᠷ᠂ ᠬᠦᠬᠡᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠴᠤᠭᠯᠠᠷᠠᠯ ᠤᠨ ᠬᠠᠮᠳᠤ ᠣᠯᠠᠨ  ᠮᠣᠩᠭᠤᠯ ᠰᠦᠯᠵᠢᠶ᠎ᠡ ᠪᠠᠨ ᠤᠬᠠᠭᠤᠯᠵᠤ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠡᠢ᠃ ᠰᠦᠯᠵᠢᠶᠡᠨ ᠤ ᠠᠵᠢᠯᠳᠠᠳ ᠬᠦᠬᠡᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠤᠯᠠᠨ ᠨᠡᠶᠢᠲᠡ ᠶᠢᠨ ᠬᠦᠳᠡᠯᠭᠡᠭᠡᠨ ᠤ ᠲᠠᠯᠠᠪᠤᠷ ᠭᠠᠵᠠᠷ ᠢᠶᠠᠷ ᠬᠥᠷᠴᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠭᠰᠠᠨ ᠪᠠᠶᠢᠨ᠎ᠠ᠃      ᠬᠥᠬᠡᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠴᠤᠭᠯᠠᠷᠠᠯ ᠨᠢ ᠬᠤᠲᠠ  ᠪᠠ 9 ᠬᠤᠰᠢᠭᠤ ᠰᠢᠶᠠᠨ  ᠲᠣᠭᠤᠷᠢᠭ ᠤᠨ  ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢ ᠪᠠᠭᠳᠠᠭᠠᠵᠤ᠂ ᠥᠪᠡᠷᠲᠡᠭᠡᠨ  ᠵᠠᠰᠠᠬᠤ ᠣᠷᠣᠨ ᠤ  ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠴᠤᠭᠯᠠᠷᠠᠯ  ᠳᠤ ᠨᠢᠭᠡᠳᠦᠯᠲᠡᠢ ᠬᠠᠷᠢᠶᠠᠯᠠᠭᠳᠠᠨ᠂ ᠬᠦᠬᠡᠬᠤᠲᠠ ᠶᠢᠨ  ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ ᠠᠴᠠ  ᠬᠠᠷᠢᠭᠤᠴᠠᠨ ᠡᠷᠬᠢᠯᠡᠵᠦ ᠠᠵᠢᠯᠯᠠᠭᠤᠯᠵᠤ ᠪᠠᠶᠢᠨ᠎ᠠ᠃      ᠰᠢᠨ᠎ᠡ ᠵᠠᠭᠤᠴᠢᠯᠠᠭᠤᠷ ᠤᠨ  ᠬᠦᠭᠵᠢᠯ ᠤᠨ ᠠᠯᠬᠤᠭ᠎ᠠ ᠶᠢ ᠳᠠᠭᠠᠵᠤ᠂ ᠠᠷᠠᠳ ᠣᠯᠠᠨ ᠤ  ᠵᠠᠰᠠᠭ ᠤᠨ ᠶᠠᠪᠤᠳᠠᠯ ᠤᠨ ᠮᠡᠳᠡᠭᠡ  ᠵᠠᠩᠭᠢ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠬᠤ ᠶᠢ ᠲᠤᠯᠠᠳᠠ᠂2019 ᠣᠨ ᠠᠴᠠ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠤ ᠮᠣᠩᠭᠤᠯ ᠸᠢᠴᠠᠲ ᠲᠠᠪᠴᠠᠩ ᠢ ᠠᠵᠢᠯᠯᠠᠭᠤᠯᠵᠤ  ᠡᠬᠢᠯᠡᠪᠡ᠃ ᠣᠳᠣ ᠪᠣᠯᠬᠤ ᠳᠤ ᠡᠯ᠎ᠡ  ᠬᠤᠰᠢᠭᠤ ᠰᠢᠶᠠᠨ ᠲᠣᠭᠤᠷᠢᠭ ᠤᠨ ᠬᠢᠨ ᠴᠤ ᠵᠠᠯᠭᠠᠪᠠᠷ ᠸᠢᠴᠠᠲ ᠲᠠᠪᠴᠠᠩ ᠢᠶᠠᠨ ᠨᠡᠭᠡᠭᠡᠵᠦ᠂ ᠨᠠᠮ ᠤᠨ ᠳᠠᠭᠤᠨ᠂ ᠲᠥᠷᠥ ᠶᠢᠨ  ᠪᠣᠳᠤᠯᠭ᠎ᠠ᠂ ᠠᠯᠪᠠᠨ ᠤ ᠮᠡᠳᠡᠭᠡ᠂ ᠠᠩᠬᠠᠷᠣᠯ ᠠᠰᠠᠭᠤᠳᠠᠯ ᠤᠨ ᠮᠣᠩᠭᠤᠯ ᠮᠡᠳᠡᠭᠡ ᠮᠡᠳᠡᠭᠡᠯᠡᠯ ᠢ ᠨᠡᠩ ᠲᠥᠷᠭᠡᠨ ᠢᠶᠠᠷ ᠳᠠᠶᠠᠭᠠᠷ ᠣᠯᠠᠨ ᠤ ᠠᠯᠠᠭᠠᠨ ᠳᠤ ᠬᠦᠷᠭᠡᠵᠦ ᠪᠣᠢ᠃      ᠳᠠᠷᠠᠭᠠᠴᠢ ᠶᠢᠨ ᠠᠯᠬᠤᠮ ᠳᠤ  ᠬᠦᠬᠡᠬᠤᠲᠠ ᠶᠢᠨ  ᠵᠠᠰᠠᠭ ᠤᠨ ᠣᠷᠳᠤᠨ ᠤ ᠮᠣᠩᠭᠤᠯ  ᠰᠦᠯᠵᠢᠶ᠎ᠡ ᠶᠢᠨ ᠬᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠱᠠᠭᠠᠷᠳᠠᠯᠭ᠎ᠠ ᠶᠣᠰᠤᠭᠠᠷ ᠥᠷᠬᠦᠯᠵᠢᠯᠡᠨ ᠴᠢᠷᠮᠠᠶᠢᠨ ᠠᠵᠢᠯᠯᠠᠵᠤ᠂ ᠰᠦᠯᠵᠢᠶ᠎ᠡ ᠲᠠᠪᠴᠠᠩ ᠢᠶᠠᠨ ᠰᠢᠯᠢᠳᠡᠭᠵᠢᠬᠦᠯᠵᠦ᠂ ᠠᠭᠤᠯᠭ᠎ᠠ ᠪᠠᠨ  ᠪᠠᠶᠠᠯᠢᠭᠵᠢᠭᠤᠯᠤᠨ᠂   ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠤᠷᠠᠭ ᠵᠠᠩᠭᠢ  ᠳᠠᠮᠵᠢᠭᠤᠯᠬᠤ ᠰᠢᠯᠢᠳᠡᠭ ᠲᠠᠪᠴᠠᠩ  ᠪᠣᠯᠬᠤ ᠪᠠᠷ  ᠴᠢᠷᠮᠠᠶᠢᠬᠤ ᠪᠣᠯᠤᠨ᠎ᠠ᠃   
微信图片_20211227102553.jpg
微信图片_20211227104333777777.jpg
微信图片_20211227102230000000.jpg
微信图片_20211227102603.jpg
微信图片_20211227102616.jpg
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ