ᠮᠠᠨ ᠤ ᠬᠤᠲᠠ ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠤᠤᠯᠳᠠᠯᠭ᠎ᠠ ᠲᠠᠢ ᠠᠰᠠᠭᠤᠳᠠᠯ ᠢ ᠴᠡᠭᠴᠡᠯᠡᠨ ᠵᠠᠰᠠᠨ᠎ᠠ
ᠨᠡᠶᠢᠲᠡᠯᠡᠭᠰᠡᠨ ᠴᠠᠭ᠄
2021/12/27
      ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ ᠬᠤᠷᠠᠯᠳᠤᠭᠤᠯᠤᠭᠰᠠᠨ ᠪᠥᠬᠦ ᠬᠤᠲᠠ ᠶᠢᠨ 2021 ᠣᠨ ᠤ ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠤᠤᠯᠳᠠᠯᠭ᠎ᠠ ᠲᠠᠢ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠡᠭᠡᠷ᠎ᠡ ᠠᠴᠠ ᠣᠶᠢᠯᠠᠭᠠᠭᠰᠠᠨ ᠨᠢ᠂ ᠮᠠᠨ ᠤ ᠬᠤᠲᠠ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠤᠤᠯᠳᠠᠯᠭ᠎ᠠ ᠲᠠᠢ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠬᠤ ᠪᠠᠷ ᠪᠠᠶᠢᠨ᠎ᠠ᠃       ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠪᠠᠨ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠡᠷᠬᠡ ᠶᠢ ᠰᠢᠪᠲᠤᠯᠤᠨ ᠬᠦᠴᠢᠷ ᠢ ᠳᠠᠪᠠᠵᠤ᠂ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠪᠡᠶ᠎ᠡ ᠪᠠᠷ ᠢᠶᠠᠨ ᠵᠣᠬᠢᠶᠠᠨ ᠪᠠᠶᠢᠭᠤᠯᠵᠤ᠂ ᠪᠡᠶ᠎ᠡ ᠪᠠᠷ ᠢᠶᠠᠨ ᠲᠦᠯᠬᠢᠨ ᠠᠬᠢᠭᠤᠯᠵᠤ᠂ ᠨᠢᠭᠡ ᠨᠢᠭᠡ ᠠᠰᠠᠭᠤᠳᠠᠯ ᠢᠶᠠᠷ ᠰᠢᠢᠳᠪᠦᠷᠢᠯᠡᠨ᠎ᠡ᠃ ᠡᠭᠦᠨ ᠤ ᠬᠠᠮᠲᠤ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠦᠨᠡᠨ ᠠᠴᠠ ᠵᠥᠪ ᠢ ᠡᠷᠢᠵᠦ᠂ ᠬᠢᠨᠠᠨ ᠪᠠᠶᠢᠴᠠᠭᠠᠵᠤ ᠮᠠᠭᠠᠳᠯᠠᠬᠤ ᠪᠠᠷᠢᠮᠵᠢᠶ᠎ᠠ ᠶᠢ ᠴᠢᠩᠳᠠᠯᠠᠵᠤ᠂ ᠠᠰᠠᠭᠤᠳᠠᠯ ᠢ ᠪᠠᠶᠢᠴᠠᠭᠠᠨ ᠲᠣᠳᠣᠷᠬᠠᠶᠢᠯᠠᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠠᠰᠠᠭᠤᠳᠠᠯ ᠤᠨ ᠦᠨᠳᠦᠰᠦᠨ ᠲᠤᠭ᠎ᠠ ᠶᠢ ᠲᠣᠳᠣᠷᠬᠠᠢ ᠣᠨᠣᠪᠴᠢᠲᠠᠢ ᠣᠶᠢᠯᠠᠭᠠᠵᠤ᠂ ᠮᠡᠳᠡᠭᠦᠯᠬᠦ ᠦᠭᠡᠢ ᠨᠢᠭᠤᠬᠤ᠂ ᠳᠤᠲᠠᠭᠤ ᠮᠡᠳᠡᠭᠦᠯᠬᠦ ᠠᠰᠠᠭᠤᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠬᠤᠪᠢᠷᠠᠯᠲᠠ ᠶᠢᠨ ᠪᠠᠶᠢᠴᠠᠭᠠᠯᠲᠠ᠂ ᠭᠠᠵᠠᠷ ᠰᠢᠷᠣᠶ ᠶᠢᠨ ᠬᠠᠮᠠᠭᠠᠯᠠᠯᠲᠠ ᠶᠢᠨ ᠳᠠᠭᠠᠭᠤᠯᠢ ᠣᠳᠣᠨ ᠤ ᠭᠡᠷᠡᠯ ᠵᠢᠷᠤᠭ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠦᠷ᠎ᠡ ᠪᠦᠲᠦᠭᠡᠯ ᠲᠠᠢ ᠤᠶᠠᠯᠳᠤᠭᠤᠯᠤᠨ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ᠂ ᠪᠠᠶᠢᠴᠠᠭᠠᠬᠤ ᠶᠢᠨ ᠳᠠᠭᠠᠤ ᠥᠭᠡᠷᠡᠴᠢᠯᠡᠬᠦ᠂ ᠠᠵᠢᠯᠯᠠᠬᠤ ᠶᠢᠨ ᠳᠠᠭᠠᠤ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠦᠴᠦᠭᠡᠨ ᠴᠦ ᠠᠭᠤᠴᠢᠯᠠᠬᠤ ᠥᠬᠡᠶ︾ ᠣᠪᠣᠷ ᠢᠶᠠᠷ ᠰᠢᠨ᠎ᠡ ᠪᠠᠷ ᠨᠡᠮᠡᠭᠳᠡᠭᠰᠡᠨ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠠᠷᠢᠶᠠᠨ ᠭᠠᠵᠠᠷ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠦᠭᠡᠨ᠂ ᠬᠠᠤᠯᠢ ᠶᠢ ᠵᠥᠷᠢᠴᠡᠭᠰᠡᠨ ᠪᠠᠶᠢᠳᠠᠯ ᠢ ᠠᠷᠢᠯᠭᠠᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ