ᠬᠥᠬᠡᠬᠤᠲᠠ ᠶᠢᠨ ᠬᠤᠲᠠ ᠶᠢᠨ ᠠᠷᠠᠳ ᠤᠨ ᠺᠠᠷᠲ ᠤᠨ ᠦᠢᠯᠡᠴᠢᠯᠡᠭᠡᠨ ᠤ ᠲᠢᠩᠬᠢᠮ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2 ᠤᠨ ᠡᠳᠦᠷ ᠪᠣᠯᠲᠠᠯ᠎ᠠ ᠴᠢᠯᠥᠭᠡ ᠲᠠᠯᠪᠢᠨ᠎ᠠ
ᠨᠡᠶᠢᠲᠡᠯᠡᠭᠰᠡᠨ ᠴᠠᠭ᠄
2021/12/28
    ︵ᠰᠤᠷᠪᠤᠯᠵᠢᠯᠠᠭᠴᠢ ᠶᠦᠨ ᠶᠠᠨ ᠹᠠᠩ︶ 12 ᠳ᠋ᠤᠭᠠᠷ ᠰᠠᠷ᠎ᠠ ᠶᠢᠨ 27 ᠤ ᠡᠳᠦᠷ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠬᠤᠲᠠ ᠶᠢᠨ ᠠᠷᠠᠳ ᠤᠨ ᠺᠠᠷᠲ ᠤᠨ ᠦᠢᠯᠡᠴᠢᠯᠡᠭᠡᠨ ᠤ ᠲᠢᠩᠬᠢᠮ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2 ᠤᠨ ᠡᠳᠦᠷ ᠪᠣᠯᠲᠠᠯ᠎ᠠ ᠴᠢᠯᠥᠭᠡ ᠲᠠᠯᠪᠢᠵᠤ᠂ ᠡᠭᠦᠨ ᠠᠴᠠ ᠭᠠᠳᠠᠨ᠎ᠠ ᠨᠡᠶᠢᠲᠡ ᠶᠢᠨ ᠵᠠᠮ ᠬᠠᠷᠢᠯᠴᠠᠭᠠᠨ ᠤ ᠬᠤᠶᠠᠷ ᠱᠤᠭᠤᠮ ᠬᠤᠪᠢᠷᠠᠯᠲᠠ ᠲᠠᠢ ᠪᠣᠯᠵᠠᠶ᠃    ᠣᠶᠢᠯᠠᠭᠠᠭᠰᠠᠨ ᠢᠶᠠᠷ᠂ ᠰᠢᠨ᠎ᠡ ᠣᠨ ᠤ ᠠᠮᠠᠷᠠᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠵᠦ᠂ ᠬᠤᠶᠢᠲᠤ ᠬᠤᠶᠠᠳᠤᠭᠠᠷ ᠲᠣᠭᠤᠷᠢᠭᠤᠯ ᠵᠠᠮ  ᠤᠨ ᠨᠡᠶᠢᠲᠡ ᠶᠢᠨ ᠵᠠᠮ ᠬᠠᠷᠢᠯᠴᠠᠭᠠᠨ ᠤ ᠲᠠᠪᠤᠳᠤᠭᠠᠷ ᠺᠣᠮᠫᠠᠨᠢ ᠶᠢᠨ ᠬᠦᠷᠢᠶᠡᠨ ᠳᠣᠲᠣᠷᠠᠬᠢ ᠬᠥᠬᠡᠬᠤᠲᠠ ᠶᠢᠨ ᠬᠤᠲᠠ ᠶᠢᠨ ᠠᠷᠠᠳ ᠤᠨ ᠺᠠᠷᠲ ᠤᠨ ᠦᠢᠯᠡᠴᠢᠯᠡᠭᠡᠨ ᠤ ᠲᠢᠩᠬᠢᠮ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ︵ᠭᠠᠷᠠᠭ ᠤᠨ ᠵᠢᠷᠭᠤᠭᠠᠨ︶ ᠠᠴᠠ 1 ᠰᠠᠷ᠎ᠠ ᠶᠢᠨ 2 ᠤᠨ ᠡᠳᠦᠷ ︵ᠭᠠᠷᠠᠭ ᠤᠨ ᠡᠳᠦᠷ︶ ᠪᠣᠯᠲᠠᠯ᠎ᠠ 2 ᠡᠳᠦᠷ ᠠᠮᠠᠷᠠᠵᠤ᠂ 1 ᠳ᠋ᠦ᠋ᠭᠡᠷ ᠰᠠᠷ᠎ᠠ ᠶᠢᠨ 3 ᠤ ᠡᠳᠦᠷ ︵ᠭᠠᠷᠠᠭ ᠤᠨ ᠨᠢᠭᠡᠨ︶ ᠬᠡᠪ ᠤᠨ ᠶᠣᠰᠣᠭᠠᠷ ᠲᠤᠬᠠᠶᠢᠯᠠᠭᠰᠠᠨ ᠠᠵᠢᠯ ᠭᠦᠢᠴᠡᠳᠬᠡᠨ᠎ᠡ᠂  ᠠᠵᠢᠯ ᠶᠠᠪᠤᠳᠠᠯ ᠭᠦᠢᠴᠡᠳᠬᠡᠬᠦ ᠴᠢᠬᠤᠯᠠᠲᠠᠶ ᠠᠶᠠᠨᠴᠢᠳ ᠤᠷᠢᠳᠴᠢᠯᠠᠨ ᠭᠦᠢᠴᠡᠳᠬᠡᠭᠡᠷᠡᠢ᠃    ᠡᠭᠦᠨ ᠠᠴᠠ ᠭᠠᠳᠠᠨ᠎ᠠ᠂ ᠪᠠᠶᠠᠨ ᠲᠣᠰᠬᠤᠨ ᠳᠠᠭᠠᠤ ᠶᠢᠨ ᠬᠤᠲᠠ ᠶᠢᠨ ᠠᠷᠠᠳ ᠣᠯᠠᠨ ᠲᠦᠮᠡᠨ ᠤ ᠶᠠᠪᠤᠵᠤ ᠰᠠᠭᠤᠬᠤ ᠳᠤ ᠤᠯᠠᠮ ᠨᠢᠭᠡ ᠠᠯᠬᠤᠮ ᠲᠥᠬᠦᠮ ᠦᠵᠡᠭᠦᠯᠬᠦ ᠶᠢᠨ ᠲᠥᠯᠥᠭᠡ᠂ ᠾᠧ ᠰᠢ ᠵᠠᠮ ᠳᠤ ︽ᠮᠧᠲᠷᠤ᠋ ᠶᠢᠨ ᠡᠵᠡᠩᠨᠡᠯᠲᠡ ᠶᠢᠨ ᠺᠣᠮᠫᠠᠨᠢ ᠶᠢᠨ ᠴᠠᠭᠠᠨ ᠰᠤᠪᠤᠷᠭ᠎ᠠ ᠲᠡᠷᠭᠡᠨ ᠵᠣᠭᠰᠣᠭᠠᠯ︾ ᠥᠷᠲᠡᠭᠡ ᠶᠢ ᠰᠢᠨ᠎ᠡ ᠪᠠᠷ ᠨᠡᠮᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠬᠤᠳᠠ ᠶᠢᠨ ᠠᠷᠠᠳ ᠤᠨ ᠶᠠᠪᠤᠵᠤ ᠰᠠᠭᠤᠬᠤ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠲᠤᠰ ᠡᠳᠦᠷ ᠠᠴᠠ ᠡᠬᠢᠯᠡᠨ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠠᠴᠠ ᠤᠰᠤᠨ ᠲᠡᠭᠡᠷᠡᠮ᠎ᠡ ᠲᠣᠰᠬᠤᠨ ᠤ ᠬᠤᠭᠤᠷᠣᠨᠳᠤ ᠶᠠᠪᠤᠬᠤ 128 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢ ᠰᠡᠷᠭᠦᠭᠡᠨ᠎ᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ