ᠮᠠᠨ ᠤ ᠬᠤᠲᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠦᠢᠳᠬᠡᠯ ᠤᠨ ᠡᠯᠧᠺᠲᠷᠣᠨ ᠪᠠᠷᠢᠮᠲᠠ ᠶᠢ ᠪᠦᠬᠦ ᠲᠠᠯ᠎ᠠ ᠪᠠᠷ ᠡᠬᠢᠯᠡᠵᠦ ᠬᠡᠷᠡᠭᠯᠡᠪᠡ
ᠨᠡᠶᠢᠲᠡᠯᠡᠭᠰᠡᠨ ᠴᠠᠭ᠄
2021/12/28
     ︵ᠰᠤᠷᠪᠤᠯᠵᠢᠯᠠᠭᠴᠢ ᠰᠥᠩ ᠰᠢᠶᠠᠩ ᠬᠤᠸᠠ︶ 12 ᠳ᠋ᠤᠭᠠᠷ ᠰᠠᠷ᠎ᠠ ᠶᠢᠨ 27 ᠤ ᠡᠳᠦᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠮᠡᠳ ᠵᠡᠭᠦᠨ ᠬᠤᠰᠢᠭᠤ ᠲᠦᠷᠦᠭᠦᠯᠡᠨ ᠮᠠᠨ ᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠦᠢᠳᠬᠡᠯ ᠤᠨ ᠠᠩᠬᠠᠳᠠᠭᠴᠢ ᠡᠯᠧᠺᠲᠷᠣᠨ ᠪᠠᠷᠢᠮᠲᠠ ᠶᠢ ᠭᠠᠷᠭᠠᠭᠰᠠᠨ ᠤ ᠳᠠᠷᠠᠭ᠎ᠠ᠂ ᠣᠳᠣᠬᠠᠨ ᠳᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠦᠢᠳᠬᠡᠯ ᠤᠨ ᠡᠯᠧᠺᠲᠷᠣᠨ ᠢᠶᠠᠷ ᠪᠠᠷᠢᠮᠲᠠ ᠶᠢ ᠵᠢᠩᠬᠢᠨᠢ ᠪᠠᠷ ᠰᠦᠯᠵᠢᠶᠡᠨ ᠳᠤ ᠭᠠᠷᠭᠠᠵᠤ᠂ ᠪᠥᠬᠦ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠦᠢᠳᠬᠡᠯ ᠤᠨ ᠡᠯᠧᠺᠲᠷᠣᠨ ᠪᠠᠷᠢᠮᠲᠠ ᠶᠢ ᠪᠥᠬᠦ ᠲᠠᠯ᠎ᠠ ᠪᠠᠷ ᠡᠬᠢᠯᠡᠨ ᠬᠡᠷᠡᠭᠯᠡᠪᠡ᠃      ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠶ ᠪᠣᠯᠭᠠᠵᠤ᠂ ᠡᠳ᠋ ᠤᠨ ᠵᠠᠰᠠᠭ ᠤᠨ ᠫᠢᠶᠣᠣ ᠪᠠᠷᠢᠮᠲᠠ ᠶᠢᠨ ᠥᠭᠡᠷᠡᠴᠢᠯᠡᠯᠲᠡ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠢᠳᠡᠪᠬᠢᠲᠡᠶ ᠪᠠᠷ ᠵᠣᠯᠭᠠᠭᠤᠯᠤᠨ ᠳᠣᠭᠢᠷᠠᠭᠤᠯᠵᠤ᠂ ᠪᠠᠷᠢᠮᠵᠢᠶᠠᠯᠠᠨ ᠠᠬᠢᠭᠤᠯᠵᠤ᠂ ᠴᠠᠭ ᠬᠤᠭᠤᠴᠠᠭᠠᠨ ᠤ ᠲᠣᠭᠲᠠᠭᠠᠯ ᠶᠣᠰᠣᠭᠠᠷ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠦᠢᠳᠬᠡᠯ ᠤᠨ ᠡᠯᠧᠺᠲᠷᠣᠨ ᠪᠠᠷᠢᠮᠲᠠ ᠶᠢ ᠰᠦᠯᠵᠢᠶᠡᠨ ᠳᠤ ᠭᠠᠷᠭᠠᠬᠤ ᠠᠵᠢᠯ ᠢ ᠪᠡᠶᠡᠯᠡᠭᠦᠯᠪᠡ᠃ ᠡᠨᠡ ᠪᠣᠯ ᠡᠳ᠋ ᠤᠨ ᠵᠠᠰᠠᠭ ᠤᠨ ᠡᠯᠧᠺᠲᠷᠣᠨ ᠪᠠᠷᠢᠮᠲᠠ ᠶᠢᠨ ᠥᠭᠡᠷᠡᠴᠢᠯᠡᠯᠲᠡ ᠶᠢᠨ ᠪᠠᠰᠠ ᠨᠢᠭᠡᠨ ᠰᠢᠨ᠎ᠡ ᠠᠬᠢᠴᠠ᠂ ᠡᠳ᠋ ᠤᠨ ᠵᠠᠰᠠᠭ ᠤᠨ ᠠᠵᠤ ᠠᠬᠤᠶᠢᠯᠠᠯ ᠳᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠪᠠᠰᠠ ᠨᠢᠭᠡᠨ ᠰᠢᠨ᠎ᠡ ᠠᠷᠭ᠎ᠠ ᠬᠡᠮᠵᠢᠶ᠎ᠡ ᠮᠥᠨ᠂ ᠡᠨᠡ ᠨᠢ ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠳᠤ ᠳᠠᠬᠢᠨᠲᠠ ᠰᠢᠨ᠎ᠡ ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃      ᠣᠳᠣᠬᠠᠨ ᠳᠤ᠂ ᠪᠥᠬᠦ ᠬᠤᠲᠠ ᠶᠢᠨ ᠡᠯ᠎ᠡ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠲᠤ ᠠᠵᠤ ᠠᠬᠤᠶᠢᠯᠠᠯ ᠪᠠ ᠣᠯᠠᠨ ᠲᠦᠮᠡᠨ ᠴᠥᠮ ᠸᠢᠴᠠᠲ᠂ ᡁᠢ ᠹᠦ᠋ ᠪᠣᠣ᠂ ᠪᠠᠩᠬᠢ ᠶᠢᠨ ᠬᠤᠯᠪᠣᠭᠠᠨ ᠤ ᠡᠭᠦᠯᠡᠨᠴᠢᠷ ᠲᠣᠭᠠᠴᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ PC ᠦᠵᠦᠭᠦᠷ ᠪᠠ ᠭᠠᠷ ᠤᠲᠠᠰᠤᠨ ᠤ ᠦᠵᠦᠭᠦᠷ ᠲᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠦᠢᠳᠬᠡᠯ ᠲᠤᠰᠢᠶᠠᠵᠤ᠂ ᠡᠳ᠋ ᠤᠨ ᠵᠠᠰᠠᠭ ᠤᠨ ᠡᠯᠧᠺᠲᠷᠣᠨ ᠪᠠᠷᠢᠮᠲᠠ ᠶᠢ ᠣᠯᠵᠤ ᠪᠣᠯᠤᠨ᠎ᠠ᠃ ᠡᠯᠧᠺᠲᠷᠣᠨ ᠪᠠᠷᠢᠮᠲᠠ ᠨᠢ ᠴᠠᠭᠠᠰᠤᠨ ᠪᠠᠷᠢᠮᠲᠠ ᠲᠠᠢ ᠠᠳᠠᠯᠢᠬᠠᠨ ᠬᠦᠴᠦᠨ ᠲᠠᠢ ᠮᠥᠷᠲᠡᠭᠡᠨ ᠪᠠᠰᠠ ᠨᠡᠩ ᠥᠨᠳᠥᠷ ᠪᠦᠲᠦᠮᠵᠢᠲᠡᠶ᠂ ᠨᠡᠩ ᠳᠥᠭᠦᠮ ᠳᠥᠲᠡ᠂ ᠨᠡᠩ ᠠᠷᠪᠢᠲᠠᠶ᠂ ᠨᠡᠩ ᠠᠮᠤᠷ ᠲᠦᠪᠰᠢᠨ ᠵᠡᠷᠭᠡ ᠣᠨᠴᠠᠯᠢᠭ ᠲᠠᠢ ᠪᠠᠶᠢᠵᠤ᠂ ᠬᠤᠯᠪᠣᠭᠳᠠᠯ ᠪᠦᠬᠦᠢ ᠫᠢᠶᠣᠣ ᠪᠠᠷᠢᠮᠲᠠ ᠶᠢ ᠭᠡᠭᠡᠬᠦ᠂ ᠤᠷᠠᠭᠳᠠᠵᠤ ᠰᠦᠢᠳᠬᠦ ᠵᠡᠷᠭᠡ ᠠᠰᠠᠭᠤᠳᠠᠯ ᠠᠴᠠ ᠪᠦᠲᠦᠮᠵᠢᠲᠡᠶ ᠵᠠᠶᠢᠯᠠᠰᠬᠢᠵᠦ ᠪᠣᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ