ᠮᠠᠨ ᠤ ᠬᠤᠲᠠ ︽ᠪᠥᠬᠦ ᠤᠯᠤᠰ ᠤᠨ ᠵᠠᠮ ᠬᠠᠷᠢᠯᠴᠠᠭᠠᠨ ᠤ ᠠᠶᠤᠯᠭᠦᠢ ᠶᠢᠨ ᠡᠳᠦᠷ︾ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/12/3
      ︵ᠰᠤᠷᠪᠤᠯᠵᠢᠯᠠᠭᠴᠢ ᠯᠢᠦ ᠵᠢᠶᠦ᠋ᠨ ᠮᠢᠶᠣᠣ ᠰᠢᠨ ᠴᠢᠮᠡᠭᠡᠯᠡᠭᠴᠢ ᠬᠥᠩ ᠰᠢᠶᠤᠤ ᠳ᠋ᠦᠩ︶ 12 ᠳ᠋ᠤᠭᠠᠷ ᠰᠠᠷ᠎ᠠ ᠶᠢᠨ 2 ᠤᠨ ᠡᠳᠦᠷ ᠪᠣᠯ ᠠᠷᠪᠠᠳᠠᠭᠢ ︽ᠪᠦᠬᠦ ᠤᠯᠤᠰ ᠤᠨ ᠵᠠᠮ ᠬᠠᠷᠢᠯᠴᠠᠭᠠᠨ ᠤ ᠠᠶᠤᠯᠭᠦᠢ ᠶᠢᠨ ᠡᠳᠦᠷ︾ ᠪᠣᠯᠤᠨ᠎ᠠ᠂ ᠠᠵᠢᠯᠯᠠᠭ᠎ᠠ ᠨᠢ ︽ᠬᠠᠤᠯᠢ ᠲᠣᠭᠲᠠᠭᠠᠯ ᠢ ᠰᠠᠬᠢᠵᠤ ᠨᠠᠶᠢᠷ ᠲᠠᠯ᠎ᠠ ᠲᠠᠯᠪᠢᠵᠤ᠂ ᠠᠮᠤᠷ ᠲᠦᠪᠰᠢᠨ ᠪᠣᠯᠪᠠᠰᠤᠨ ᠢᠶᠠᠷ ᠭᠠᠳᠠᠭᠰᠢ ᠶᠠᠪᠤᠬᠤ︾ ᠪᠠᠷ ᠭᠤᠣᠯ ᠰᠡᠳᠦᠪ ᠪᠣᠯᠭᠠᠵᠠᠢ᠃ ᠲᠤᠰ ᠡᠳᠦᠷ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ︽ᠪᠥᠬᠦ ᠤᠯᠤᠰ ᠤᠨ ᠵᠠᠮ ᠬᠠᠷᠢᠯᠴᠠᠭᠠᠨ ᠤ ᠠᠶᠤᠯᠭᠦᠢ ᠶᠢᠨ ᠡᠳᠦᠷ︾ ᠤᠨ ᠭᠤᠤᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃      ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠨᠢ ᠰᠠᠯᠪᠤᠷᠢ ᠠᠩᠭᠢ ᠶᠢᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠭᠤᠣᠯ ᠬᠤᠷᠠᠯ ᠤᠨ ᠲᠠᠯᠠᠪᠠᠶ ᠲᠣᠬᠢᠷᠠᠭᠤᠯᠬᠤ ᠶᠢᠨ ᠬᠠᠮᠲᠤ ᠬᠤᠲᠠ ᠶᠢᠨ ᠳᠥᠷᠪᠡᠨ ᠲᠣᠭᠤᠷᠢᠭ᠂ ᠵᠠᠮ ᠬᠠᠷᠢᠯᠴᠠᠭᠠᠨ ᠤ ᠠᠭᠤᠯᠵᠠᠷ᠂ ᠪᠠᠭᠤᠳᠠᠯ ᠤᠨ ᠡᠮᠦᠨ᠎ᠡ ᠵᠢᠴᠢ ᠬᠥᠳᠡᠭᠡ ᠲᠣᠰᠬᠤᠨ ᠳᠤ 6 ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠮᠠᠨ ᠤ ᠬᠤᠲᠠ ᠶᠢᠨ ︽ᠪᠣᠯᠪᠠᠰᠤᠨ ᠵᠠᠮ ᠬᠠᠷᠢᠯᠴᠠᠭᠠᠨ ᠤ ᠳᠦᠷᠢ ᠲᠥᠷᠬᠦ ᠶᠢᠨ ᠡᠯᠴᠢᠨ︾ ᠤ ᠲᠥᠯᠥᠭᠡᠯᠡᠭᠴᠢ ᠶᠢ ᠤᠷᠢᠵᠤ᠂ ︽ᠬᠠᠤᠯᠢ ᠲᠣᠭᠲᠠᠭᠠᠯ ᠢ ᠰᠠᠬᠢᠵᠤ ᠨᠠᠶᠢᠷ ᠲᠠᠯ᠎ᠠ ᠲᠠᠯᠪᠢᠵᠤ᠂ ᠠᠮᠤᠷ ᠲᠦᠪᠰᠢᠨ ᠪᠣᠯᠪᠠᠰᠤᠨ ᠢᠶᠠᠷ ᠭᠠᠳᠠᠭᠰᠢ ᠶᠠᠪᠤᠬᠤ︾ ᠪᠠᠷ ᠭᠤᠤᠯ ᠰᠡᠳᠦᠪ ᠪᠣᠯᠭᠠᠵᠤ᠂ ᠬᠠᠷᠠᠭᠠᠯᠵᠠᠭᠰᠠᠨ ᠰᠡᠳᠦᠪ ᠰᠣᠩᠭᠤᠨ᠂ ᠭᠤᠤᠯ ᠬᠤᠷᠠᠯ ᠤᠨ ᠲᠠᠯᠠᠪᠠᠶ ᠲᠠᠢ ᠵᠡᠷᠭᠡ ᠪᠠᠷ ᠰᠢᠭᠤᠳ ᠨᠡᠪᠲᠡᠷᠡᠭᠦᠯᠵᠦ᠂ ᠥᠷᠭᠡᠨ ᠣᠯᠠᠨ ᠰᠦᠯᠵᠢᠶ᠎ᠡ ᠬᠡᠷᠡᠭᠯᠡᠭᠴᠢᠳ ᠤᠨ ᠢᠳᠡᠪᠬᠢᠲᠡᠶ ᠣᠷᠣᠯᠴᠠᠯᠭ᠎ᠠ ᠶᠢ ᠲᠠᠲᠠᠵᠤ᠂ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠪᠠ᠃      ᠣᠶᠢᠯᠠᠭᠠᠭᠰᠠᠨ ᠢᠶᠠᠷ᠂ 11 ᠳ᠋ᠤᠭᠡᠷ ᠰᠠᠷ᠎ᠠ ᠶᠢᠨ 18 ᠤ ᠡᠳᠦᠷ ᠠᠴᠠ 12  ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠨ ᠬᠡᠷᠡᠭᠵᠢᠭᠦᠯᠬᠦ ᠲᠥᠰᠦᠯ ᠶᠣᠰᠣᠭᠠᠷ᠂ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠪᠣᠯᠪᠠᠰᠤᠨ ᠵᠠᠮ ᠬᠠᠷᠢᠯᠴᠠᠭᠠᠨ ᠤ ︽ᠳᠣᠯᠤᠭ᠎ᠠ ᠶᠢ ᠠᠬᠢᠭᠤᠯᠬᠤ︾ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠭᠡᠬᠦ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠠᠭ ᠥᠷᠨᠢᠭᠦᠯᠵᠦ ᠪᠠᠶᠢᠭ᠎ᠠ ᠵᠠᠮ ᠬᠠᠷᠢᠯᠴᠠᠭᠠᠨ ᠤ ᠡᠮᠬᠢ ᠵᠢᠷᠤᠮ ᠢ ᠴᠡᠭᠴᠡᠯᠡᠨ ᠵᠠᠰᠠᠬᠤ ︽ᠨᠠᠢ᠌ᠮᠠᠨᠶᠡᠭᠡ ᠠᠵᠢᠯᠯᠠᠭ᠎ᠠ︾ ᠲᠠᠢ ᠤᠶᠠᠯᠳᠤᠭᠤᠯᠤᠨ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠴᠤ ᠣᠯᠠᠨ ᠶᠠᠩᠵᠤ ᠬᠡᠯᠪᠡᠷᠢ ᠲᠠᠢ᠂ ᠠᠭᠤᠯᠭ᠎ᠠ ᠪᠠᠷ ᠪᠠᠶᠠᠯᠢᠭ᠂ ᠭᠤᠤᠯ ᠰᠡᠳᠦᠪ ᠢᠶᠠᠷ ᠢᠯᠡ ᠲᠣᠳᠣ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ ᠂ ᠪᠥᠬᠦ ᠬᠤᠲᠠ ᠳᠤ ᠴᠡᠭᠴᠡᠯᠡᠨ ᠵᠠᠰᠠᠬᠤ ᠠᠭᠤᠷ ᠠᠮᠢᠰᠬᠤᠯ ᠢ ᠪᠣᠶ ᠪᠣᠯᠭᠠᠬᠤ ᠪᠣᠯᠤᠨ᠎ᠠ᠃ ᠵᠢᠷᠤᠭ ᠪᠣᠯ 12 ᠳ᠋ᠤᠭᠠᠷ ᠰᠠᠷ᠎ᠠ ᠶᠢᠨ 2 ᠤᠨ ᠡᠳᠦᠷ᠂ ᠰᠠᠶᠢᠬᠠᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠶᠢᠨ ᠬᠢᠨ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠶᠢᠨ ᠲᠥᠯᠥᠭᠡᠯᠡᠭᠴᠢ ᠵᠢᠴᠢ ᠰᠠᠶᠢᠬᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠨ ᠤ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ᠂ ︽ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ ᠪᠠᠶᠢᠭ᠎ᠠ ᠨᠢ᠃
交通日.jpg
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ