ᠣᠯᠠᠨ ᠲᠦᠮᠡᠨ ᠤ ᠢᠳᠡᠬᠦ ᠶᠢᠨ ᠠᠶᠤᠯᠭᠦᠢ ᠶᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2021/12/31
 
      ᠰᠢᠨ᠎ᠡ ᠵᠢᠯ᠂ ᠴᠠᠭᠠᠨ ᠰᠠᠷ᠎ᠠ ᠣᠶᠢᠷᠠᠲᠤᠵᠤ᠂ ᠬᠥᠬᠡᠬᠤᠲᠠ ᠶᠢᠨ ᠡᠯ᠎ᠡ ᠶᠡᠭᠡ ᠪᠠᠭ᠎ᠠ ᠵᠠᠬ᠎ᠠ ᠳᠡᠯᠭᠡᠭᠦᠷ ᠲᠤ ᠮᠠᠶᠢᠮᠠᠢ ᠰᠠᠶᠢᠨ ᠭᠡᠳᠡᠭ ᠨᠢ ᠠᠷᠭ᠎ᠠ ᠦᠭᠡᠢ᠃ ︽  ᠮᠢᠬ᠎ᠠ ᠨᠣᠭᠤᠭ᠎ᠠ︾ ︽  ᠠᠮᠤ ᠪᠤᠳᠠᠭ᠎ᠠ︾ ︽  ᠠᠯᠢᠮ᠎ᠠ ᠵᠢᠮᠢᠰ︾ ᠵᠡᠷᠭᠡ ᠣᠯᠠᠨ ᠲᠦᠮᠡᠨ ᠤ ᠠᠮᠢᠳᠤᠷᠠᠯ ᠤᠨ ᠦᠨᠳᠦᠰᠦᠨ ᠡᠳ᠋ ᠪᠠᠷᠠᠭ᠎ᠠ ᠶᠢ ᠬᠡᠷᠬᠢᠨ ᠬᠠᠩᠭᠠᠯᠭ᠎ᠠ ᠶᠢ ᠪᠠᠲᠤᠯᠠᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠪᠢᠯᠡ︖ ᠡᠯ᠎ᠡ ᠶᠡᠭᠡ ᠡᠵᠡᠩᠨᠡᠯᠲᠡ ᠶᠢᠨ ᠭᠠᠵᠠᠷ ᠤᠨ ᠪᠣᠷᠣᠯᠠᠭᠤᠯᠵᠤ ᠪᠠᠶᠢᠭ᠎ᠠ ᠢᠳᠡᠭᠡᠨ ᠨᠢ ᠠᠮᠤᠷ ᠲᠦᠪᠰᠢᠨ ᠦᠦ︖ ᠭᠡᠳᠡᠭ ᠨᠢ ᠠᠷᠠᠳ ᠣᠯᠠᠨ ᠤ ᠠᠩᠬᠠᠷᠴᠤ ᠪᠠᠶᠢᠭ᠎ᠠ ᠵᠦᠢᠯ ᠪᠢᠯᠡ᠃ ᠣᠯᠠᠨ ᠡᠳᠦᠷ ᠤᠨ ᠲᠤᠷᠰᠢ᠂  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠳ ︽ᠬᠤᠣᠰ ᠪᠠᠶᠠᠷ︾ ᠤᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠴᠢᠩᠭᠠᠳᠬᠠᠬᠤ ᠶᠢᠨ ᠬᠠᠮᠲᠤ᠂ ᠢᠳᠡᠭᠡᠨ ᠤ ᠵᠦᠢᠯ᠂ ᠡᠮ ᠤᠨ ᠵᠦᠢᠯ ᠪᠣᠯᠣᠨ ᠪᠤᠰᠤᠳ ᠬᠡᠷᠡᠭᠯᠡᠭᠡᠨ ᠤ ᠵᠦᠢᠯᠡᠰ ᠲᠤ ᠬᠢᠨᠠᠯᠲᠠ ᠪᠠᠶᠢᠴᠠᠭᠠᠯᠲᠠ ᠬᠢᠵᠦ᠂ ᠪᠠᠷᠠᠭ᠎ᠠ ᠲᠠᠸᠠᠷ ᠤᠨ ᠦᠨ᠎ᠡ ᠬᠠᠩᠰᠢ ᠲᠣᠬᠢᠷᠠᠮᠵᠢᠲᠠᠢ᠂᠂ ᠬᠤᠲᠠ ᠶᠢᠨ ᠠᠷᠠᠳ ᠰᠡᠳᠬᠢᠯ ᠠᠮᠤᠷ ᠬᠡᠷᠡᠭᠯᠡᠭᠡ ᠬᠢᠬᠦ ᠶᠢ ᠪᠠᠳᠤᠯᠠᠵᠤ᠂ ᠪᠠᠶᠠᠷ ᠪᠠᠶᠠᠰᠤᠯ ᠲᠠᠢ ᠡᠶ᠎ᠡ ᠨᠠᠶᠢᠷᠲᠠᠢ ᠪᠠᠶᠠᠷ ᠤᠨ ᠡᠳᠦᠷ ᠤᠨ ᠬᠡᠷᠡᠭᠯᠡᠭᠡᠨ ᠤ ᠠᠭᠤᠷ ᠠᠮᠢᠰᠬᠤᠯ ᠢ ᠪᠤᠢ ᠪᠣᠯᠭᠠᠪᠠ᠃ ᠰᠤᠷᠪᠤᠯᠵᠢᠯᠠᠭᠴᠢ ᠸᠠᠩ ᠵᠦᠩ ᠵᠸᠦ ᠰᠡᠭᠦᠳᠡᠷᠯᠡᠨ ᠮᠡᠳᠡᠭᠡᠯᠡᠪᠡ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ