ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠶ᠎ᠠ
ᠨᠡᠶᠢᠲᠡᠯᠡᠭᠰᠡᠨ ᠴᠠᠭ᠄
2021/12/6
20211206-1.jpg
      ᠲᠦᠷᠦᠭᠦᠬᠡᠨ᠂ ᠴᠡᠯᠡᠭᠡᠷ ᠲᠠᠯ᠎ᠠ ᠪᠠᠭ᠎ᠠ ᠰᠤᠷᠭᠠᠭᠤᠯᠢ ᠶᠢᠨ ᠲᠧᠩ ᠹᠧᠢ ᠵᠠᠮ ᠤᠨ ᠲᠣᠭᠤᠷᠢᠭ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠬᠡᠬᠤᠲᠠ ᠶᠢᠨ ᠬᠤᠷᠢᠶ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠬᠥᠬᠡᠬᠤᠲᠠ ᠶᠢᠨ ᠠᠵᠢᠯ ᠤᠨ ᠵᠥᠪᠯᠡᠯ᠂ ᠬᠤᠲᠠ ᠶᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠥᠪ ᠤᠨ ᠬᠠᠪᠰᠤᠷᠤᠯᠭ᠎ᠠ ᠳᠣᠤᠷ᠎ᠠ᠂ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠵᠢᠴᠢ ︽ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ ᠶᠢ ᠰᠤᠷᠤᠯᠴᠠᠨ ᠤᠬᠠᠭᠤᠯᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ︾ ᠵᠢᠱᠢᠶ᠎ᠡ ᠦᠵᠡᠭᠦᠯᠬᠦ ᠴᠢᠨᠠᠷᠲᠠᠶ ᠭᠤᠤᠯ ᠰᠡᠳᠦᠪᠲᠦ ᠠᠩᠭᠢ ᠶᠢᠨ ᠬᠢᠴᠢᠶᠡᠯ ᠤᠨ ᠠᠵᠢᠯᠯᠠᠭ᠎ᠠ ᠶᠢ ᠬᠠᠮᠲᠤᠷᠠᠨ ᠡᠷᠭᠢᠯᠡᠪᠡ᠃ ᠲᠣᠰ ᠠᠵᠢᠯᠯᠠᠭ᠎ᠠ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠡᠳ᠋ ᠫᠷᠣᠹᠧᠰᠰᠣᠷ ᠯᠢ ᠵᠢᠤᠸᠠᠨ ᠢ ᠲᠤᠰᠬᠠᠶᠢᠯᠠᠨ ᠤᠷᠢᠵᠤ ᠬᠡᠤᠬᠡᠳ ᠤᠳ ᠲᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠬᠠᠤᠯᠢ ᠶᠢ ᠮᠡᠳᠡᠵᠦ᠂ ᠬᠠᠤᠯᠢ ᠶᠢ ᠰᠤᠷᠤᠯᠴᠠᠵᠤ᠂ ᠬᠠᠤᠯᠢ ᠶᠢ ᠣᠶᠢᠯᠠᠭᠠᠬᠤ ᠬᠡᠷᠡᠭᠲᠡᠶ ᠭᠡᠳᠡᠭ ᠢ ᠣᠯᠠᠨ ᠳᠤ ᠠᠮᠢᠳᠤᠯᠢᠭ ᠳᠦᠷᠰᠦᠯᠢᠭ ᠦᠭᠡ ᠬᠡᠯᠡ ᠪᠠᠷ ᠶᠠᠷᠢᠵᠤ ᠥᠭᠴᠡᠶ᠃ ᠰᠤᠷᠪᠤᠯᠵᠢᠯᠠᠭᠴᠢ ᠮᠢᠶᠣᠣ ᠴᠢᠩ ᠴᠢᠮᠡᠭᠡᠯᠡᠭᠴᠢ ᠯᠢᠶᠠᠩ ᠶᠦᠩ ᠵᠢᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ