︵ᠰᠤᠷᠪᠤᠯᠵᠢᠯᠠᠭᠴᠢ ᠰᠦᠩ ᠰᠢᠶᠠᠩ ᠬᠤᠸᠠ ᠸᠠᠩ ᠵᠦᠩ ᠵᠸᠦ︶ 12 ᠳ᠋ᠤᠭᠠᠷ ᠰᠠᠷ᠎ᠠ ᠶᠢᠨ 6 ᠤ ᠡᠳᠦᠷ ᠬᠤᠳᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠶᠢᠨ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠲᠥᠪ ᠠᠴᠠ ᠤᠢᠢᠯᠠᠭᠠᠭᠰᠠᠨ ᠢᠶᠠᠷ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠬᠦᠯᠵᠦ᠂ ︽ᠢᠨᠲ᠋ᠧᠷ ᠰᠦᠯᠵᠢᠶ᠎ᠡ + ᠦᠯᠦ ᠬᠥᠳᠡᠯᠬᠦ ᠬᠦᠷᠦᠩᠭᠡ ᠶᠢ ᠳᠠᠩᠰᠠᠯᠠᠬᠤ︾ ᠠᠵᠢᠯ ᠢ ᠭᠦᠨᠵᠡᠭᠡᠢ | ᠠᠬᠢᠭᠤᠯᠵᠤ᠂ ᠦᠯᠦ ᠬᠥᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠠᠷᠠᠳ ᠲᠤ ᠲᠦᠭᠦᠮ ᠪᠣᠯᠭᠠᠬᠤ᠂ ᠲᠦᠷᠭᠡᠨ ᠪᠣᠯᠭᠠᠬᠤ᠂ ᠡᠯᠧᠺᠲᠷᠤᠨᠴᠢᠯᠠᠬᠤ ᠶᠢ | ᠦᠷᠭᠦᠯᠵᠢᠯᠡᠨ ᠲᠡᠭᠡᠭᠰᠢᠯᠡᠭᠦᠯᠬᠦ ᠶᠢᠨ ᠲᠦᠯᠦᠭᠡ ᠂ ᠲᠣᠰ ᠡᠳᠦᠷ ᠠᠴᠠ ᠡᠬᠢᠯᠡᠨ᠂ ᠮᠠᠨ ᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠳᠤ | ︽ᠨᠢᠭᠡ ᠦᠨᠡᠮᠯᠡᠯ ᠳᠤ ᠨᠢᠭᠡ ᠺᠣᠳ᠋ ᠣᠯᠭᠤᠬᠤ︾ ᠰᠢᠨ᠎ᠡ ᠵᠠᠭᠪᠤᠷ ᠢ ᠬᠡᠷᠡᠭᠵᠢᠭᠦᠯᠪᠡ — ᠰᠢᠨ᠎ᠡ ᠪᠠᠷ ᠣᠯᠭᠤᠬᠤ ᠥᠯᠥ ᠬᠥᠳᠡᠯᠬᠦ ᠬᠥᠷᠥᠩᠭᠡ ᠶᠢᠨ | ᠡᠷᠬᠡ ᠶᠢᠨ ᠦᠨᠡᠮᠯᠡᠯ ᠳᠤ ᠳᠠᠭᠢᠵᠤ ᠴᠠᠭᠠᠰᠤᠨ ᠳᠠᠭᠠᠯᠲᠠ ᠵᠢᠷᠤᠭ ᠨᠠᠭᠠᠬᠤ ᠥᠬᠡᠶ᠂ ᠦᠨᠡᠮᠯᠡᠯ ᠠᠪᠴᠤ ᠪᠠᠶᠢᠭ᠎ᠠ ᠬᠥᠮᠦᠨ ᠥᠯᠥ ᠬᠥᠳᠡᠯᠬᠦ ᠬᠥᠷᠥᠩᠭᠡ ᠶᠢᠨ | ᠡᠷᠬᠡ ᠶᠢᠨ ᠦᠨᠡᠮᠯᠡᠯ ᠤᠨ ᠳᠠᠭᠠᠯᠲᠠ ᠵᠢᠷᠤᠭ ᠤᠨ ᠨᠢᠭᠤᠷ ᠲᠠᠬᠢ ᠺᠣᠳ᠋ ᠢ ᠰᠢᠷᠪᠢᠵᠦ᠂ ᠲᠣᠰ ᠥᠯᠥ ᠬᠥᠳᠡᠯᠬᠦ ᠬᠥᠷᠥᠩᠭᠡ ᠶᠢᠨ ᠢᠯᠡᠳᠬᠡᠮᠵᠢ ᠵᠢᠷᠤᠭ᠂ ᠡᠷᠦᠬᠡ | ᠬᠤᠪᠢᠶᠠᠭᠰᠠᠨ ᠵᠢᠷᠤᠭ ᠵᠡᠷᠭᠡ ᠵᠢᠷᠤᠭ ᠤᠨ ᠮᠡᠳᠡᠭᠡ ᠵᠠᠩᠭᠢ ᠶᠢ ᠪᠠᠶᠢᠴᠠᠭᠠᠨ ᠦᠵᠡᠵᠦ ᠪᠣᠯᠤᠨ᠎ᠠ᠃ | ︽ᠨᠢᠭᠡ ᠦᠨᠡᠮᠯᠡᠯ︾ ᠭᠡᠳᠡᠭ ᠨᠢ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠵᠢᠭᠠᠵᠤ ᠪᠣᠶ᠂ ︽ᠨᠢᠭᠡ ᠺᠣᠳ᠋︾ ᠭᠡᠳᠡᠭ ᠨᠢ ᠮᠡᠷᠭᠡᠨ | ᠴᠣᠬᠤᠷ ᠢ ᠵᠢᠭᠠᠵᠤ ᠪᠣᠶ᠃ ᠥᠩᠭᠡᠷᠡᠭᠰᠡᠨ ᠳᠤ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠡᠭᠡᠷᠡᠬᠢ ᠢᠯᠡᠳᠬᠡᠮᠵᠢ ᠵᠢᠷᠤᠭ ᠪᠠ ᠡᠷᠦᠬᠡ | ᠬᠤᠪᠢᠶᠠᠭᠰᠠᠨ ᠵᠢᠷᠤᠭ ᠢ ᠴᠥᠮ ᠴᠠᠭᠠᠰᠤᠨ ᠳᠠᠭᠠᠯᠲᠠ ᠵᠢᠷᠤᠭ ᠤᠨ ᠬᠡᠯᠪᠡᠷᠢ ᠪᠠᠷ ᠦᠨᠡᠮᠯᠡᠯ ᠣᠯᠭᠤᠭᠴᠢ ᠠᠴᠠ ᠥᠯᠥ ᠬᠥᠳᠡᠯᠬᠦ ᠬᠥᠷᠥᠩᠭᠡ ᠶᠢᠨ ᠡᠷᠬᠡ ᠶᠢᠨ | ᠦᠨᠡᠮᠯᠡᠯ ᠳᠡᠭᠡᠷ᠎ᠡ ᠭᠠᠷ ᠢᠶᠠᠷ ᠨᠠᠭᠠᠵᠤ᠂ ᠠᠮᠠᠷᠬᠠᠨ ᠤᠷᠠᠭᠳᠠᠵᠤ ᠰᠦᠢᠳᠬᠦ᠂ ᠭᠡᠭᠡᠭᠳᠡᠬᠦ ᠵᠢᠴᠢ ᠵᠢᠷᠤᠭ ᠢ ᠬᠥᠮᠦᠨ ᠤ ᠬᠦᠴᠦ ᠪᠠᠷ ᠪᠠᠯᠠᠯᠤᠨ ᠥᠭᠡᠷᠡᠲᠦᠭᠦᠯᠬᠦ | ᠠᠰᠠᠭᠤᠳᠠᠯ ᠣᠷᠣᠰᠢᠵᠤ ᠪᠠᠶᠢᠪᠠ᠃ ᠡᠭᠦᠨ ᠤ ᠬᠠᠮᠲᠤ᠂ ᠦᠨᠡᠮᠯᠡᠯ ᠣᠯᠭᠤᠭᠴᠢ ᠦᠨᠡᠮᠯᠡᠯ ᠢ ᠰᠡᠯᠪᠢᠨ ᠵᠠᠰᠠᠬᠤ ᠶᠠᠪᠤᠴᠠ ᠳᠤ᠂ ᠵᠢᠷᠤᠭ ᠢ ᠨᠠᠭᠠᠬᠤ᠂ ᠲᠠᠮᠠᠭ᠎ᠠ | ᠳᠠᠷᠤᠬᠤ᠂ ᠨᠤᠭᠤᠯᠬᠤ ᠵᠡᠷᠭᠡ ᠣᠯᠠᠨ ᠠᠵᠢᠯ ᠢ ᠬᠢᠵᠦ᠂ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠨᠥᠯᠥᠭᠡᠯᠡᠳᠡᠭ᠃ ᠲᠣᠰ ᠤᠳᠠᠭ᠎ᠠ᠂ ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠦᠨᠡᠮᠯᠡᠯ ᠤᠨ ᠳᠠᠭᠠᠯᠲᠠ ᠵᠢᠷᠤᠭ ᠢ ᠡᠯᠧᠺᠲᠷᠤᠨᠴᠢᠯᠠᠬᠤ ᠥᠭᠡᠷᠡᠴᠢᠯᠡᠯᠲᠡ ᠪᠠᠷ ᠳᠠᠮᠵᠢᠭᠤᠯᠤᠨ᠂ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠦᠨᠡᠨ ᠬᠤᠳᠠᠯ ᠤᠨ | ᠬᠠᠮᠠᠭᠠᠯᠠᠯᠲᠠ ᠶᠢ ᠴᠢᠩᠭᠠᠳᠬᠠᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠴᠠᠭ ᠬᠤᠭᠤᠴᠠᠭ᠎ᠠ ᠶᠢ ᠪᠣᠭᠤᠨᠢᠰᠬᠠᠵᠤ᠂ ︽ᠢᠨᠲ᠋ᠧᠷ ᠰᠦᠯᠵᠢᠶ᠎ᠡ +︾ | ᠪᠠᠷ ᠳᠠᠮᠵᠢᠭᠤᠯᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠦᠨᠡᠨᠬᠦ ᠨᠠᠩ ᠲᠥᠬᠦᠮ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ |