ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠤ ᠦᠢᠯᠡᠰ ᠤᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠵᠢᠴᠢ ᠬᠥᠬᠡᠬᠤᠲᠠ ᠶᠢᠨ ᠲᠠᠪᠤᠳᠤᠭᠠᠷ ᠬᠤᠭᠤᠴᠠᠭᠠᠨ ᠤ ᠢᠳᠡᠭᠡᠨ ᠤᠮᠳᠠᠭᠠᠨ ᠤ ᠦᠢᠯᠡᠰ ᠤᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2021/12/8
      ︵ᠰᠤᠷᠪᠤᠯᠵᠢᠯᠠᠭᠴᠢ ᠯᠢᠦᠢ ᠬᠤᠢ ᠱᠧᠩ︶ 12  ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ  ᠪᠠᠲᠤᠯᠠᠭ᠎ᠠ ᠶᠢᠨ ᠲᠢᠩᠬᠢᠮ ᠠᠴᠠ ᠭᠤᠣᠯᠯᠠᠨ ᠡᠷᠬᠢᠯᠡᠵᠦ᠂ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠷᠠᠯᠵᠢᠶ᠎ᠠ ᠬᠦᠩᠭᠡᠨ ᠠᠵᠤ ᠦᠢᠯᠡᠳᠪᠦᠷᠢ ᠨᠡᠬᠡᠮᠡᠯ ᠤᠨ ᠠᠵᠤ ᠦᠢᠯᠡᠳᠪᠦᠷᠢ ᠮᠠᠯ ᠠᠵᠤ ᠠᠬᠤᠢ ᠤᠢ ᠰᠢᠭᠤᠢ ᠤᠰᠤᠨ ᠤ ᠠᠵᠢᠯᠴᠢᠨ ᠤ ᠡᠪᠯᠡᠯ᠂ ᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠠᠮᠲᠤᠪᠠᠷ ᠳᠠᠭᠠᠭᠠᠴᠢᠯᠠᠨ ᠡᠷᠬᠢᠯᠡᠭᠰᠡᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠤ ᠭᠠᠪᠢᠶ᠎ᠠ ᠪᠠᠶᠢᠭᠤᠯᠵᠤ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠶ᠎ᠠ︾ ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠤ ᠦᠢᠯᠡᠰ ᠤᠨ ᠠᠵᠢᠯᠳᠠᠨ ᠠᠵᠢᠯᠴᠢᠨ ᠤ ᠠᠵᠢᠯ ᠮᠡᠷᠭᠡᠵᠢᠯ ᠤᠨ ᠤᠷᠤᠯᠳᠤᠭᠠᠨ ᠵᠢᠴᠢ ᠬᠥᠬᠡᠬᠤᠲᠠ ᠶᠢᠨ ᠲᠠᠪᠤᠳᠤᠭᠠᠷ ᠬᠤᠭᠤᠴᠠᠭᠠᠨ ᠤ ᠢᠳᠡᠭᠡᠨ ᠤᠮᠳᠠᠭᠠᠨ ᠤ  ᠦᠢᠯᠡᠰ ᠤᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ  ᠤᠷ᠎ᠠ ᠴᠢᠳᠠᠪᠤᠷᠢ ᠶᠢᠨ ᠤᠷᠤᠯᠳᠤᠭᠠᠨ ᠡᠬᠢᠯᠡᠪᠡ      ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢ ᠹᠧᠩ ᠵᠢᠶᠧ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠭᠦᠨ ᠪᠠᠢ ᠴᠦᠨ ᠶᠠᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠰᠡᠴᠡᠨᠪᠢᠯᠢᠭ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃       ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠨᠠᠶᠢᠳᠠᠪᠤᠷᠢᠵᠢᠭᠤᠯᠵᠤ᠂ ᠬᠥᠮᠦᠨ ᠬᠠᠷ᠎ᠠ ᠴᠤᠭᠯᠠᠷᠠᠬᠤ ᠠᠴᠠ ᠵᠠᠶᠢᠯᠠᠰᠬᠢᠬᠦ ᠶᠢᠨ ᠲᠥᠯᠥᠭᠡ᠂ ᠲᠣᠰ ᠤᠳᠠᠭᠠᠨ ᠤ ᠤᠷᠤᠯᠳᠤᠭᠠᠨ ᠢ ᠠᠵᠢᠯ ᠤᠨ ᠲᠥᠷᠥᠯ ᠢᠶᠠᠷ ᠱᠠᠲᠤ ᠬᠤᠪᠢᠶᠠᠨ ᠰᠢᠯᠭᠠᠬᠤ ᠠᠷᠭ᠎ᠠ ᠪᠠᠷ ᠶᠠᠪᠤᠭᠳᠠᠭᠤᠯᠤᠨ᠎ᠠ᠃ ᠤᠷᠤᠯᠳᠤᠭᠠᠨ ᠤ ᠬᠤᠭᠤᠴᠠᠭ᠎ᠠ ᠨᠢ ᠲᠠᠪᠤᠨ ᠡᠳᠦᠷ ᠪᠠᠶᠢᠵᠤ᠂ ᠴᠠᠭᠠᠨ ᠢᠳᠡᠭᠡ᠂ ᠬᠢᠲᠠᠳ ᠮᠠᠶ᠋ᠢᠭ ᠤᠨ ᠬᠠᠭᠤᠷᠤᠯᠭ᠎ᠠ ᠶᠢᠨ ᠪᠠᠭᠰᠢ᠂ ᠮᠣᠩᠭᠤᠯ ᠬᠤᠭᠤᠯᠠᠨ ᠤ ᠭᠤᠯᠢᠷ ᠤᠨ ᠵᠦᠢᠯ᠂ ᠮᠣᠩᠭᠤᠯ ᠬᠤᠭᠤᠯᠠᠨ ᠤ ᠬᠠᠯᠠᠭᠤᠨ ᠨᠣᠭᠤᠭ᠎ᠠ ᠵᠠᠭᠤᠰᠢ᠂ ᠮᠣᠩᠭᠤᠯ  ᠰᠦ ᠲᠠᠢ ᠴᠠᠶ ᠵᠡᠷᠭᠡ ᠲᠠᠪᠤᠨ ᠲᠥᠷᠥᠯ ᠳᠤ ᠬᠤᠪᠢᠶᠠᠵᠤ᠂ ᠣᠨᠣᠯ ᠤᠨ ᠰᠢᠯᠭᠠᠯᠲᠠ ᠪᠠ ᠪᠣᠳᠠᠲᠠᠶ ᠠᠵᠢᠯᠯᠠᠭ᠎ᠠ ᠭᠡᠬᠦ ᠬᠤᠶᠠᠷ ᠬᠡᠰᠡᠭ ᠠᠴᠠ ᠪᠦᠷᠢᠯᠳᠦᠵᠡᠶ᠃ ᠤᠷᠤᠯᠳᠤᠭᠠᠨ ᠳᠤ ᠪᠦᠬᠦ ᠣᠷᠣᠨ ᠤ 8 ᠠᠶᠢᠮᠠᠭ ᠬᠤᠳᠠ ᠶᠢᠨ 160 ᠭᠠᠷᠤᠢ ᠦᠷᠢᠰᠦᠯᠳᠦᠭᠴᠢ ᠣᠷᠣᠯᠴᠠᠪᠠ᠃ ᠲᠡᠳᠡᠨ ᠤ ᠳᠣᠲᠣᠷ᠎ᠠ ᠮᠣᠩᠭᠤᠯ ᠦᠨᠳᠦᠰᠦᠲᠡᠨ ᠤ ᠠᠮᠲᠠᠲᠤ ᠢᠳᠡᠭᠡᠨ ᠬᠢᠵᠦ ᠪᠠᠵᠠᠭᠠᠬᠤ ᠮᠡᠷᠭᠡᠵᠢᠯ ‍ᠤᠨ‌ᠤᠯᠠᠮᠵᠢᠯᠠᠭᠴᠢ ᠪᠠᠶᠢᠬᠤ ᠪᠠᠷ ᠪᠠᠷᠠᠬᠤ ᠥᠬᠡᠶ᠂ ᠪᠠᠰᠠ ᠬᠢᠲᠠᠳ ᠮᠠᠶ᠋ᠢᠭ ᠤᠨ ᠬᠤᠭᠤᠯᠠ  ᠬᠢᠵᠦ ᠪᠠᠵᠠᠭᠠᠬᠤ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠦᠭᠰᠡᠨ ᠴᠢᠳᠠᠪᠤᠷᠢᠲᠠᠨ ᠴᠤ ᠪᠣᠶ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ