ᠢᠦᠢ ᠴᠢᠤᠸᠠᠨ ᠲᠣᠭᠤᠷᠢᠭ ᠪᠦᠬᠦ ᠲᠤᠭᠤᠷᠢᠭ ᠤᠨ ᠬᠢᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/9
      12 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠪᠥᠬᠦ ᠲᠤᠭᠤᠷᠢᠭ ᠤᠨ ᠬᠢᠨ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠲᠤᠭᠤᠷᠢᠭ ᠤᠨ ᠭᠤᠤᠯᠳᠠᠯᠭ᠎ᠠ ᠲᠠᠢ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠴᠧᠩ ᠵᠦᠩ ᠵᠦᠩ ᠬᠤᠷᠠᠯ ᠡᠷᠬᠢᠯᠡᠵᠤ ᠶᠠᠷᠢᠶ᠎ᠠ ᠲᠠᠯᠪᠢᠪᠠ᠃ 
1.jpg
      ᠬᠤᠷᠠᠯ ᠠᠴᠠ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ᠂ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠴᠧᠩ ᠵᠦᠩ ᠵᠦᠩ ᠡᠯ᠎ᠡ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠲᠥᠷᠥᠯ ᠵᠦᠢᠯ ᠢ ᠳᠥᠯᠭᠢᠨ ᠠᠬᠢᠭᠤᠯᠬᠤ ᠲᠠᠯ᠎ᠠ ᠪᠠᠷ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠴᠤ᠂ ᠣᠳᠣᠬᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠳᠤᠷᠠᠳᠤᠨ ᠭᠠᠷᠭᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠷᠢᠭᠤᠴᠠᠯᠭᠠᠲᠤ ᠨᠢᠭᠡᠴᠡ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠪᠥᠬᠦ ᠵᠢᠯ ᠤᠨ ᠡᠭᠦᠷᠭᠡ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠵᠡᠷᠭᠡᠪᠡᠷ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 2022 ᠣᠨ ᠤ ᠲᠣᠭᠲᠠᠭᠰᠠᠨ ᠬᠠᠷᠠᠯᠲᠠ ᠡᠭᠦᠷᠭᠡ ᠶᠢᠨ ᠶᠣᠰᠣᠭᠠᠷ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠠᠷᠢᠭᠤᠴᠠᠯᠭᠠᠲᠤ ᠨᠢᠭᠡᠴᠡ ᠴᠠᠭ ᠲᠣᠬᠢᠶᠠᠯ ᠢ ᠠᠮᠵᠢᠵᠤ᠂ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠭᠲᠠᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢ ᠯᠠᠪᠳᠠᠭᠤᠨ ᠪᠥᠭᠡᠳ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ︔ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠨᠠᠶᠢᠳᠠᠪᠤᠷᠢᠵᠢᠭᠤᠯᠬᠤ ᠲᠥᠰᠦᠯ ᠢ ᠲᠡᠭᠦᠯᠳᠡᠷᠵᠢᠭᠦᠯᠵᠦ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠡᠯ᠎ᠡ ᠭᠤᠭᠴᠤᠭ᠎ᠠ ᠶᠢ ᠣᠨᠣᠪᠴᠢᠲᠠᠢ ᠡᠵᠡᠮᠳᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠡᠮᠦᠨ᠎ᠡ ᠹᠷᠣᠨᠲ ᠲᠤ ᠣᠴᠢᠵᠤ ᠵᠢᠯᠣᠭᠤᠳᠴᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ︔ ᠡᠵᠡᠩᠨᠡᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠲᠣᠬᠢᠶᠠᠯᠳᠤᠭᠰᠠᠨ ᠬᠢᠨᠠᠨ ᠵᠥᠪᠰᠢᠶᠡᠷᠡᠯ᠂ ᠭᠠᠵᠠᠷ ᠰᠢᠷᠣᠢ ᠵᠡᠷᠭᠡ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃      ᠬᠠᠮᠢᠶ᠎ᠠ ᠪᠦᠬᠦᠢ ᠲᠣᠭᠤᠷᠢᠭ ᠤᠨ ᠳᠡᠰ ᠤᠨ ᠤᠳᠤᠷᠢᠳᠤᠯᠭ᠎ᠠ᠂ ᠵᠥᠪᠯᠡᠯ ᠠᠯᠪᠠᠨ ᠭᠡᠷ  ᠲᠤᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠬᠠᠮᠢᠶ᠎ᠠ ᠪᠦᠬᠦᠢ ᠪᠠᠯᠭᠠᠰᠤ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ︵ᠰᠤᠷᠪᠤᠯᠵᠢᠯᠠᠭᠴᠢ᠄ ᠬᠤᠤ ᠵᠢᠩ   ᠵᠧᠩ ᠰᠢᠤᠸᠠᠨ︶ 
ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ ᠲᠤᠭᠤᠷᠢᠭ︾ ᠸᠢᠴᠠᠲ ᠤᠨ ᠨᠡᠶᠢᠲᠡ ᠶᠢᠨ ᠳ᠋ᠤᠭᠠᠷ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ