ᠬᠤᠪᠢᠰᠬᠠᠯ ᠤᠨ ᠺᠢᠨᠣ᠋ ᠶᠢᠨ ᠵᠠᠷ ᠤᠨ ᠦᠵᠡᠰᠬᠦᠯᠡᠩ ᠡᠬᠢᠯᠡᠪᠡ
ᠨᠡᠶᠢᠲᠡᠯᠡᠭᠰᠡᠨ ᠴᠠᠭ᠄
2021/12/9
20211209-1.jpg
      ᠲᠦᠷᠦᠭᠦᠬᠡᠨ᠂ ︽ᠨᠠᠮ ᠢᠶᠠᠨ ᠡᠭᠦᠷᠢᠳᠡ ᠳᠠᠭᠠᠨ᠎ᠠ︾ ᠬᠤᠪᠢᠰᠬᠠᠯ ᠤᠨ ᠺᠢᠨᠣ᠋ ᠶᠢᠨ ᠵᠠᠷ ᠤᠨ ᠦᠵᠡᠰᠬᠦᠯᠡᠩ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠶᠠᠪᠤᠭᠳᠠᠪᠠ᠃ ᠦᠵᠡᠰᠬᠦᠯᠡᠩ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠭᠤᠣᠯ ᠱᠤᠭᠤᠮ ᠤᠨ ᠲᠣᠭᠤᠷᠢᠨ ᠳᠤ᠂ ᠵᠠᠭᠤᠨ ᠵᠢᠯ ᠤᠨ ᠨᠠᠮ ᠤᠨ ᠲᠡᠦᠬᠡ ᠶᠢᠨ ᠳᠥᠷᠪᠡᠨ ᠴᠠᠭ ᠦᠶ᠎ᠡ ᠪᠠᠷ ᠰᠤᠳᠠᠰᠤ ᠪᠣᠯᠭᠠᠵᠤ᠂ ︽ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠣᠭᠰᠠᠨ︾᠂ ︽ᠨᠡᠶᠢᠭᠡᠮ ᠵᠢᠷᠤᠮ ᠤᠨ ᠬᠤᠪᠢᠰᠬᠠᠯ ᠢ ᠪᠡᠶᠡᠯᠡᠭᠦᠯᠦᠭᠰᠡᠨ ᠪᠠ ᠨᠡᠶᠢᠭᠡᠮ ᠵᠢᠷᠤᠮ ᠤᠨ ᠪᠦᠳᠦᠬᠡᠨ ᠪᠠᠶᠢᠭᠤᠯᠤᠯᠲᠠ ᠶᠢ ᠠᠬᠢᠭᠤᠯᠤᠭᠰᠠᠨ︾᠂ ︽ᠥᠭᠡᠷᠡᠴᠢᠯᠡᠯᠲᠡ ᠨᠡᠬᠡᠬᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠶᠢ ᠬᠢᠭᠰᠡᠨ︾᠂ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢ ᠨᠡᠭᠡᠭᠡᠭᠰᠡᠨ︾ ᠭᠡᠬᠦ ᠲᠦᠷᠪᠡᠨ ᠪᠦᠯᠦᠭ ᠬᠤᠪᠢᠶᠠᠵᠤ᠂ ᠨᠡᠶᠢᠳᠡ 130 ᠭᠠᠷᠤᠢ ᠤᠤᠯ ᠬᠡᠪᠯᠡᠯ ᠤᠨ ᠬᠤᠪᠢᠰᠬᠠᠯ ᠤᠨ ᠺᠢᠨᠣ᠋ ᠶᠢᠨ ᠵᠠᠷ ᠢ ᠳᠡᠯᠭᠡᠨ ᠦᠵᠡᠭᠦᠯᠵᠦ᠂ ᠠᠬᠤᠢ ᠪᠠᠶᠢᠳᠠᠯ ᠢ ᠲᠠᠬᠢᠨ ᠢᠯᠡᠷᠡᠭᠦᠯᠬᠦ᠂ ᠪᠣᠳᠠᠲᠤ ᠪᠣᠳᠠᠰ ᠢ ᠳᠡᠯᠭᠡᠨ ᠦᠵᠡᠭᠦᠯᠬᠦ ᠵᠡᠷᠭᠡ ᠭᠤᠭᠴᠤᠭ᠎ᠠ ᠪᠠᠷ ᠬᠠᠪᠰᠤᠷᠭᠠᠨ᠂ ᠳᠤᠷᠠᠳᠬᠠᠯᠲᠤ ᠣᠨ ᠰᠠᠷ᠎ᠠ ᠶᠢ ᠡᠷᠭᠢᠴᠡᠭᠦᠯᠦᠨ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠵᠢᠷᠤᠭ ᠪᠣᠯ ᠦᠵᠡᠭᠴᠢᠳ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠤᠪᠢᠰᠬᠠᠯ ᠤᠨ ᠺᠢᠨᠣ᠋ ᠭᠠᠷᠭᠠᠬᠤ ᠤᠭ ᠶᠣᠰᠣ ᠶᠢ ᠣᠶᠢᠯᠠᠭᠠᠵᠤ ᠪᠠᠶᠢᠭ᠎ᠠ ᠨᠢ᠃ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ