ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠪᠠᠷ᠂ ᠲᠣᠬᠤᠨᠢᠭᠤᠯᠤᠨ ᠰᠤᠷᠪᠤᠯᠵᠢᠯᠠᠬᠤ ᠠᠵᠢᠯ ᠢ ᠤᠯᠠᠮ | ᠨᠢᠭᠡ ᠠᠯᠬᠤᠮ ᠰᠠᠶᠢᠲᠤᠷ ᠬᠢᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠲᠦᠭ | ᠲᠦᠮᠡᠨ ᠠᠶᠢᠯ ᠡᠷᠦᠬᠡ ᠳᠤ ᠬᠦᠷᠭᠡᠵᠦ᠂ ᠬᠦᠴᠢᠷᠳᠡᠯᠲᠡᠶ ᠣᠯᠠᠨ ᠲᠦᠮᠡᠨ ᠢ ᠪᠠᠶᠠᠷ ᠬᠥᠷ ᠲᠠᠢ᠂ ᠡᠶ᠎ᠡ | ᠨᠠᠶᠢᠷᠠᠮᠳᠠᠭᠤ ᠪᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢᠨ ᠲᠥᠯᠥᠭᠡ᠂ 2021 ᠣᠨ ᠤ 1 ᠳ᠋ᠦ᠋ᠭᠡᠷ ᠰᠠᠷ᠎ᠠ ᠶᠢᠨ | 26 ᠤ ᠡᠳᠦᠷ ᠬᠥᠬᠡᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠪᠢ ᠭᠦᠸᠧ ᠴᠧᠨ ᠨᠡᠷ | ᠰᠢᠨ᠎ᠡ ᠬᠤᠲᠠ ᠲᠣᠭᠤᠷᠢᠭ ᠲᠤ ᠭᠦᠨᠵᠡᠭᠡᠶᠢᠷᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ | ᠡᠷᠦᠬᠡ ᠪᠣᠯᠤᠨ ᠥᠨᠥᠴᠢᠨ ᠬᠡᠤᠬᠡᠳ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠴᠠᠭᠠᠨ ᠰᠠᠷ᠎ᠠ ᠶᠢᠨ ᠵᠥᠩᠨᠡᠯ | ᠬᠦᠷᠭᠡᠵᠦ᠂ ᠬᠤᠲᠠ᠂ ᠲᠣᠭᠤᠷᠢᠭ ᠬᠤᠶᠠᠷ ᠱᠠᠲᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠤᠳᠤᠷᠢᠳᠤᠯᠭ᠎ᠠ | ᠪᠠᠷ᠎ᠠ ᠪᠣᠯᠪᠠ᠃ | | | | | ᠲᠣᠬᠤᠨᠢᠭᠤᠯᠬᠤ ᠦᠶ᠎ᠡ ᠳᠤ᠂ ᠬᠤᠲᠠ ᠶᠢᠨ ᠳᠡᠳ᠋ ᠳᠠᠷᠤᠭ᠎ᠠ ᠪᠢ ᠭᠦᠸᠧ ᠴᠧᠨ ᠥᠨᠥᠴᠢᠨ ᠬᠡᠤᠬᠡᠳ ᠲᠠᠢ | ᠳᠣᠲᠣᠨᠣ ᠪᠠᠷ ᠶᠠᠷᠢᠯᠴᠠᠵᠤ᠂ ᠬᠡᠤᠬᠡᠳ ᠤᠨ ᠡᠳᠦᠷ ᠲᠤᠲᠤᠮ ᠤᠨ ᠦᠰᠦᠨ ᠪᠤᠶᠢᠵᠢᠯᠲᠠ ᠵᠢᠴᠢ ᠰᠤᠷᠤᠯᠭ᠎ᠠ᠂ | ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠬᠡᠤᠬᠡᠳ ᠤᠳ ᠢ ᠢᠲᠡᠭᠡᠯ ᠵᠣᠷᠢᠭ ᠢᠶᠠᠨ ᠬᠥᠪᠴᠢᠯᠡᠨ ᠠᠮᠢᠳᠤᠷᠠᠯ ᠳᠤ | ᠢᠳᠡᠪᠬᠢᠲᠡᠶ ᠪᠠᠶᠠᠰᠤᠩᠭᠤᠶ ᠬᠠᠨᠳᠤᠬᠤ ᠶᠢ ᠵᠣᠷᠢᠭᠵᠢᠭᠤᠯᠪᠠ︔ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠭᠥᠷᠳᠡᠵᠦ ᠪᠠᠶᠢᠭ᠎ᠠ ᠡᠷᠦᠬᠡ ᠶᠢᠨ ᠬᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠢ ᠰᠠᠶᠢᠨ | ᠰᠠᠶᠢᠬᠠᠨ ᠰᠡᠳᠬᠢᠴᠡ ᠲᠠᠢ ᠪᠠᠶᠢᠵᠤ᠂ ᠠᠮᠢᠳᠤᠷᠠᠯ ᠳᠤ ᠪᠠᠶᠠᠰᠤᠩᠭᠤᠶ ᠬᠠᠨᠳᠤᠵᠤ᠂ ᠬᠦᠴᠢᠷᠳᠡᠯ ᠲᠠᠢ ᠪᠣᠯ ᠰᠠᠭᠤᠭᠠᠯᠢ | ᠠᠷᠠᠳ ᠤᠨ ᠵᠥᠪᠯᠡᠯ ᠪᠠ ᠵᠡᠭᠡᠯᠢ ᠭᠤᠳᠤᠮᠵᠢ ᠶᠢᠨ ᠠᠯᠪᠠᠨ ᠬᠡᠷ ᠲᠤ ᠲᠤᠰᠬᠠᠵᠤ᠂ ᠰᠢᠢᠳᠪᠦᠷᠢᠯᠡᠬᠦ ᠴᠢᠬᠤᠯᠠᠲᠠᠶ | ᠠᠰᠠᠭᠤᠳᠠᠯ ᠢᠶᠠᠨ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ ᠭᠡᠵᠦ ᠵᠠᠬᠢᠬᠤ ᠶᠢᠨ ᠬᠠᠮᠲᠤ ᠲᠡᠳᠡᠨ ᠳᠤ | ᠲᠣᠬᠤᠨᠢᠭᠤᠯᠬᠤ ᠮᠥᠩᠭᠦ ᠪᠣᠯᠤᠨ ᠲᠣᠬᠤᠨᠢᠭᠤᠯᠬᠤ ᠪᠣᠳᠠᠰ ᠬᠦᠷᠭᠡᠪᠡ᠃ | ᠲᠣᠬᠤᠨᠢᠭᠤᠯᠤᠭᠳᠠᠬᠤ ᠬᠥᠮᠦᠰ ᠬᠤᠶᠢᠨ᠎ᠠ ᠬᠤᠶᠢᠨ᠎ᠠ ᠠᠴᠠ ᠪᠠᠨ ᠨᠠᠮ ᠪᠣᠯᠤᠨ ᠵᠠᠰᠠᠭ ᠤᠨ ᠣᠷᠳᠣᠨ ᠤ | ᠬᠠᠯᠠᠮᠵᠢᠯᠠᠯ ᠪᠣᠯᠤᠨ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠰᠢᠨ᠎ᠡ ᠨᠢᠭᠡ ᠵᠢᠯ ᠳᠤ ᠢᠲᠡᠭᠡᠯ | ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠠᠶᠢᠨ ᠰᠠᠶᠢᠬᠠᠨ ᠠᠮᠢᠳᠤᠷᠠᠯ ᠢ ᠴᠢᠷᠮᠠᠶᠢᠨ | ᠬᠥᠭᠡᠭᠡᠴᠡᠯᠳᠦᠵᠦ᠂ ᠠᠮᠢᠳᠤᠷᠠᠬᠤᠢ ᠶᠢᠨ ᠦᠨ᠎ᠡ ᠦᠷᠳᠡᠭ ᠢᠶᠠᠨ ᠪᠡᠶᠡᠯᠡᠭᠦᠯᠦᠨ᠎ᠡ ᠭᠡᠵᠦ ᠢᠯᠡᠷᠬᠡᠶᠢᠯᠡᠵᠡᠭᠡᠪᠡ᠃ | | |