2021 ᠣᠨ ᠤ 1 ᠳ᠋ᠦ᠋ᠭᠡᠷ ᠰᠠᠷ᠎ᠠ ᠶᠢᠨ 27 ᠤ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ | ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠪᠠᠶ ᠹᠧᠨ ᠪᠢᠩ ᠰᠢᠨ᠎ᠡ ᠬᠤᠲᠠ ᠲᠣᠭᠤᠷᠢᠭ ᠤᠨ | ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | | | | | ᠬᠤᠷᠠᠯ ᠳᠡᠭᠡᠷ᠎ᠡ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ | ᠭᠧ ᠡᠯ ᠫᠢᠩ ︽ᠰᠢᠨ᠎ᠡ ᠬᠤᠲᠠ ᠲᠣᠭᠤᠷᠢᠭ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢᠨ | ᠬᠡᠷᠡᠭᠵᠢᠭᠦᠯᠬᠦ ᠲᠥᠰᠦᠯ︾ ᠵᠢᠴᠢ ︽ᠰᠢᠨ᠎ᠡ ᠬᠤᠲᠠ ᠲᠣᠭᠤᠷᠢᠭ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ︿ | ᠭᠤᠷᠪᠠᠨ ᠲᠤᠰᠬᠠᠶ﹀ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ | ᠬᠢᠭᠰᠡᠨ ᠪᠥᠭᠡᠳ 2021 ᠣᠨ ᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | | | | | | ᠬᠠᠮᠤᠭ ᠤᠨ ᠰᠡᠭᠦᠯ ᠳᠤ᠂ ᠳᠡᠳ᠋ ᠲᠣᠭᠤᠷᠢᠭ ᠤᠨ ᠳᠠᠷᠤᠭ᠎ᠠ ᠪᠠᠶ ᠹᠧᠨ ᠪᠢᠩ ᠴᠢᠬᠤᠯᠠ ᠶᠠᠷᠢᠶ᠎ᠠ ᠲᠠᠯᠪᠢᠵᠤ᠂ | ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢ ᠥᠷᠨᠢᠭᠦᠯᠬᠦ ᠨᠢ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ | ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ ᠭᠡᠳᠡᠭ ᠢ ᠭᠦᠢᠴᠡᠳ ᠲᠠᠨᠢᠬᠤ ᠬᠡᠷᠡᠭᠲᠡᠶ ᠭᠡᠵᠦ ᠵᠢᠭᠠᠵᠤ ᠭᠠᠷᠭᠠᠪᠠ | ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠡᠯ᠎ᠡ ᠲᠠᠯ᠎ᠠ ᠶᠢᠨ ᠬᠦᠴᠦᠨ ᠢ | ᠨᠢᠭᠡᠳᠦᠯᠲᠡᠢ ᠲᠥᠯᠥᠪᠵᠢᠭᠦᠯᠵᠦ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠮᠠᠨ ᠤ ᠲᠤᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠪᠡ᠃ |