ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠡᠭᠡᠷ᠎ᠡ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠨᠠᠷᠢᠨ ᠬᠢᠨᠠᠮᠠᠭᠠᠶ ᠬᠢᠨᠠᠨ ᠵᠥᠪᠯᠡᠵᠦ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ
ᠨᠡᠶᠢᠲᠡᠯᠡᠭᠰᠡᠨ ᠴᠠᠭ᠄
2021/2/1
      ᠠᠷᠠᠳ ᠤᠨ ᠡᠳᠦᠷ ᠤᠨ ᠰᠣᠨᠢᠨ ᠤ ᠮᠡᠳᠡᠭᠡ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠡᠭᠡᠷ᠎ᠡ᠂ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠪᠠ᠃      ᠠᠯᠲᠠᠨᠰᠠᠩ ᠲᠥᠯᠥᠭᠡᠯᠡᠭᠴᠢ᠄ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠭᠤᠤᠯ ᠰᠡᠳᠦᠪ ᠨᠢ ᠢᠯᠡ ᠲᠣᠳᠣ ᠪᠠᠶᠢᠨ᠎ᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠡᠷᠡᠰ ᠭᠤᠶᠢᠪᠢᠰᠢ ᠥᠬᠡᠶ ᠠᠬᠢᠭᠤᠯᠬᠤ ᠲᠤᠬᠠᠶ ᠮᠢᠨᠦ ᠦᠵᠡᠬᠦ ᠪᠠᠷ᠂ ᠨᠢᠭᠡ ᠳᠤ᠂ ᠡᠷᠬᠡᠪᠰᠢ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠦᠨᠳᠦᠰᠦᠲᠡᠨ ᠤ ᠠᠵᠢᠯ ᠤᠨ ᠭᠤᠤᠯ ᠰᠢᠵᠢᠮ ᠪᠣᠯᠭᠠᠨ ᠪᠣᠳᠠᠲᠠᠶ ᠠᠳᠬᠤᠵᠤ ᠰᠠᠶᠢᠲᠤᠷ ᠠᠳᠬᠤᠬᠤ ᠬᠡᠷᠡᠭᠲᠡᠶ᠃ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠪᠠᠭᠰᠢ ᠰᠤᠷᠤᠬᠴᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠶᠢᠵᠢᠭᠤᠯᠬᠤ ᠶᠢ ᠣᠳᠣᠬᠠᠨ ᠤ ᠬᠥᠮᠦᠨ ᠬᠥᠮᠦᠵᠢᠭᠦᠯᠬᠦ ᠠᠵᠢᠯ ᠤᠨ ᠰᠦᠭ ᠰᠦᠨᠡᠰᠦ ᠶᠢ ᠱᠤᠭᠤᠬᠤ ᠢᠨᠵᠧᠨᠧᠷᠢᠩ ᠪᠣᠯᠭᠠᠵᠤ᠂ ︽ᠪᠦᠬᠦ ᠠᠵᠢᠯᠳᠠᠨ ᠬᠦᠮᠦᠨ ᠬᠦᠮᠦᠵᠢᠬᠦᠯᠬᠦ᠂ ᠪᠦᠬᠦ ᠶᠠᠪᠤᠴᠠ ᠳᠤ ᠬᠦᠮᠦᠨ ᠬᠦᠮᠦᠵᠢᠬᠦᠯᠬᠦ᠂ ᠪᠦᠬᠦ ᠲᠠᠯ᠎ᠠ ᠪᠠᠷ ᠬᠥᠮᠦᠵᠢᠭᠦᠯᠬᠦ︾   ᠶᠢ ᠪᠦᠬᠦ ᠶᠠᠪᠤᠴᠠ ᠳᠤ ᠲᠤᠤᠱᠯᠠᠭᠤᠯᠵᠤ᠂ ᠦᠨᠳᠦᠰᠦᠲᠡᠨ ᠨᠦᠭᠦᠳ ᠤᠨ ᠪᠠᠭᠰᠢ ᠰᠤᠷᠤᠬᠴᠢ ᠶᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠠᠵᠢᠯᠯᠠᠭ᠎ᠠ ᠶᠢᠨ ᠠᠴᠢᠶᠠᠯᠠᠪᠤᠷᠢ ᠪᠠ ᠠᠭᠤᠯᠭ᠎ᠠ ᠶᠢ ᠪᠠᠶᠠᠯᠢᠭᠵᠢᠭᠤᠯᠵᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠣᠶᠢᠯᠠᠭᠠᠭᠳᠠᠬᠤᠨ ᠪᠠ ︽ᠭᠤᠷᠪᠠᠨ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ︾᠂ ︽ᠲᠠᠪᠤᠨ ᠮᠡᠳᠡᠷᠡᠭᠦᠢ︾ ᠶᠢ ᠦᠨᠳᠦᠰᠦᠲᠡᠨ ᠨᠦᠭᠦᠳ ᠤᠨ ᠪᠠᠭᠰᠢ ᠰᠤᠷᠤᠬᠴᠢ ᠶᠢᠨ ᠰᠡᠳᠬᠢᠯ ᠳᠤ ᠦᠨᠡᠨ ᠬᠦ ᠭᠦᠨ ᠦᠨᠳᠦᠰᠦᠯᠡᠭᠦᠯᠬᠦ ᠬᠡᠷᠡᠭᠲᠡᠢ᠃ ᠬᠤᠶᠠᠷ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠠᠵᠢᠯ ᠢ ᠡᠷᠡᠰ ᠭᠤᠶᠢᠪᠢᠰᠢ ᠦᠭᠡᠢ ᠲᠦᠯᠬᠢᠨ ᠠᠬᠢᠭᠤᠯᠬᠤ ᠬᠡᠷᠡᠭᠳᠡᠢ᠃ ᠰᠤᠷᠭᠠᠨ ᠬᠥᠮᠦᠵᠢᠯ ᠤᠨ ᠵᠣᠷᠢᠯᠭ᠎ᠠ ᠨᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠠᠷᠢᠯᠴᠠᠨ ᠤᠷᠤᠰᠤᠮ᠎ᠠ ᠰᠠᠶᠢᠬᠠᠨ ᠣᠷᠴᠢᠭᠤᠯᠵᠤ ︽ᠣᠷᠴᠢᠭᠤᠯᠭ᠎ᠠ ᠶᠢᠨ ᠴᠢᠳᠠᠪᠤᠷᠢᠲᠠᠨ︾ ᠢ ᠬᠥᠮᠦᠵᠢᠭᠦᠯᠬᠦ ᠳᠡᠭᠡᠷ᠎ᠡ ᠵᠣᠭᠰᠣᠩᠭᠢᠷᠠᠭᠠᠳ ᠪᠠᠶᠢᠵᠤ ᠪᠣᠯᠬᠤ ᠦᠭᠡᠢ᠂ ᠬᠠᠷᠢᠨ ᠲᠤᠰ ᠦᠨᠳᠦᠰᠦᠲᠡᠨ ᠤ ᠪᠠᠨ ᠰᠣᠶᠣᠯ ᠤᠨ ᠥᠪᠡᠷᠮᠢᠴᠡ ᠴᠢᠨᠠᠷ ᠢ ᠣᠶᠢᠯᠠᠭᠠᠬᠤ ᠮᠥᠷᠲᠡᠭᠡᠨ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ ᠬᠠᠶᠢᠷᠠᠯᠠᠬᠤ ᠳᠤᠮᠳᠠᠳᠤ ᠶᠢᠨ ᠦᠨᠳᠦᠰᠦᠲᠡᠨ ᠤ ᠨᠡᠩ ᠤᠯᠠᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠬᠦ ᠶᠠᠪᠤᠳᠠᠯ ᠪᠤᠯᠤᠨ᠎ᠠ᠃ ᠭᠤᠷᠪᠠ ᠳᠤ ᠪᠠᠭᠰᠢ ᠶᠢᠨ ᠰᠤᠷᠭᠠᠨ ᠬᠥᠮᠦᠵᠢᠯ ᠤᠨ ᠰᠠᠭᠤᠷᠢ ᠴᠢᠨᠠᠷᠲᠠᠢ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠦᠷᠭᠦᠯᠵᠢᠯᠡᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠨ ᠪᠣᠳᠠᠲᠠᠢ ᠠᠳᠬᠤᠵᠤ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠬᠡᠵᠦ ᠬᠡᠯᠡᠪᠡ᠃      ᠫᠧᠩ ᠵᠢᠶ ᠶᠦ᠋ᠧᠠᠨ ᠲᠥᠯᠥᠭᠡᠯᠡᠭᠴᠢ᠄ ᠮᠢᠨᠦ ᠦᠵᠡᠬᠦ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠦᠭᠡ ᠬᠡᠯᠡ ᠪᠣᠷᠣᠭᠵᠢᠭᠤᠨ ᠪᠥᠭᠡᠳ ᠣᠯᠠᠨ ᠲᠦᠮᠡᠨ ᠲᠠᠢ ᠨᠠᠩ ᠣᠶᠢᠷᠠᠲᠤᠵᠤ᠂ ᠬᠥᠭᠵᠢᠯᠲᠡ ᠶᠢᠨ ᠠᠷᠭ᠎ᠠ ᠬᠡᠮᠵᠢᠶ᠎ᠡ ᠪᠣᠳᠠᠲᠠᠶ ᠪᠥᠭᠡᠳ ᠪᠣᠳᠠᠲᠠᠶ ᠶᠢ ᠡᠷᠬᠢᠮᠯᠡᠪᠠ ᠬᠡᠵᠡᠢ᠃ ᠲᠡᠷᠡ ᠪᠠᠰᠠ ᠭᠤᠷᠪᠠᠨ ᠰᠠᠨᠠᠭᠤᠯᠭ᠎ᠠ ᠳᠤᠷᠠᠳᠴᠠᠶ᠄ ᠨᠢᠭᠡ ᠳᠤ ᠣᠳᠣᠬᠠᠨ ᠳᠤ ᠸᠢᠴᠠᠲ ᠪᠠ ︽ᠲᠣᠭᠠᠴᠠᠭ᠎ᠠ ᠬᠢᠬᠦ ᠡᠷᠳᠡᠨᠢ︾ ᠶᠢᠨ ᠭᠠᠷ ᠬᠦᠢᠴᠡᠳᠭᠡᠯ ᠤᠨ  ᠰᠦᠢᠳᠭᠡᠯ ᠤᠨ ᠨᠣᠷᠮ᠎ᠠ ᠴᠥᠮ 6‰ ᠪᠠᠶᠢᠵᠤ᠂ ᠰᠦᠢᠳᠭᠡᠯ ᠤᠨ ᠨᠣᠷᠮ᠎ᠠ ᠬᠠᠷᠢᠴᠠᠩᠭᠤᠶ ᠪᠠᠷ ᠨᠡᠯᠢᠶᠡᠳ ᠥᠨᠳᠥᠷ ᠪᠠᠶᠢᠨ᠎ᠡ᠂ ᠡᠨᠡ ᠨᠢ ᠬᠥᠳᠡᠯᠮᠦᠷᠢ ᠬᠤᠷᠠᠭᠰᠠᠨ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ  ᠬᠦᠢᠯᠭᠡᠭᠡᠨ ᠤ ᠠᠵᠤ ᠠᠬᠤᠶᠢᠯᠠᠯ ᠳᠤ ᠠᠪᠴᠤ ᠬᠡᠯᠡᠪᠡᠯ ᠳᠠᠭᠠᠭᠠᠬᠤ ᠳᠤ ᠪᠡᠷᠬᠡᠳᠡᠢ ᠶᠤᠮ᠂ ᠵᠠᠰᠠᠭ ᠤᠨ ᠣᠷᠳᠣᠨ ᠡᠯ᠎ᠡ ᠡᠯᠧᠺᠲᠷᠣᠨ ᠢᠶᠠᠷ ᠲᠣᠭᠠᠴᠠᠭ᠎ᠠ ᠬᠢᠬᠦ ᠺᠣᠮᠫᠠᠨᠢ ᠲᠠᠢ ᠬᠠᠷᠢᠯᠴᠠᠵᠤ ᠪᠠᠶᠢᠭᠠᠳ ᠲᠤᠭᠠᠴᠠᠭ᠎ᠠ ᠬᠢᠬᠦ ᠰᠦᠢᠳᠭᠡᠯ ᠤᠨ ᠨᠣᠷᠮ᠎ᠠ ᠶᠢ ᠨᠡᠯᠢᠶᠡᠳ ᠵᠦᠶ ᠵᠣᠬᠢᠰᠲᠠᠶ ᠰᠦᠢᠳᠭᠡᠯ ᠬᠤᠷᠢᠶᠠᠬᠤ ᠬᠡᠪᠴᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ ᠶᠢ ᠰᠠᠨᠠᠭᠤᠯᠵᠤ ᠪᠠᠶᠢᠨ᠎ᠠ᠃ ᠬᠤᠶᠠᠷ ᠲᠤ ᠵᠠᠰᠠᠭ ᠤᠨ ᠣᠷᠳᠣᠨ ᠠᠴᠠ ᠬᠦᠢᠳᠡᠨ ᠬᠡᠯᠬᠢᠶᠡᠲᠦ ᠢᠳᠡᠭᠡᠨ ᠬᠠᠳᠠᠭᠠᠯᠠᠬᠤ ᠪᠡᠯᠡᠳᠬᠡᠮᠵᠢ ᠲᠥᠬᠦᠭᠡᠷᠦᠮᠵᠢ ᠶᠢᠨ ᠴᠠᠬᠢᠯᠭᠠᠨ ᠬᠡᠷᠡᠭᠯᠡᠬᠦ ᠰᠦᠢᠳᠭᠡᠯ ᠤᠨ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠵᠦ᠂ ᠡᠩ ᠤᠨ ᠦᠢᠯᠡᠳᠪᠦᠷᠢ ᠬᠤᠳᠠᠯᠳᠤᠭ᠎ᠠ ᠶᠢᠨ ᠬᠡᠷᠡᠭᠯᠡᠬᠦ ᠴᠠᠬᠢᠯᠭᠠᠨ ᠢ 0.5084 ᠲᠥᠭᠦᠷᠢᠭ / ᠺᠢᠯᠣᠸᠠᠲ ᠴᠠᠭ ᠪᠠᠶᠢᠭᠰᠠᠨ ᠠᠴᠠ ᠬᠦᠢᠳᠡᠨ ᠬᠡᠯᠬᠢᠶᠡᠲᠦ ᠢᠳᠡᠭᠡᠨ ᠬᠠᠳᠠᠭᠠᠯᠠᠬᠤ ᠴᠠᠬᠢᠯᠭᠠᠨ ᠬᠡᠷᠡᠭᠯᠡᠬᠦ ᠰᠦᠢᠳᠭᠡᠯ ᠢ 0.3244 ᠲᠥᠭᠦᠷᠢᠭ / ᠺᠢᠯᠣᠸᠠᠲ ᠴᠠᠭ ᠪᠣᠯᠭᠠᠨ ᠳᠣᠭᠢᠷᠠᠭᠤᠯᠵᠤ᠂ ᠡᠭᠦᠨ ᠢᠶᠠᠷ ᠢᠶᠠᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠦᠢᠳᠡᠨ ᠢᠶᠠᠷ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠪᠡᠯᠡᠳᠬᠡᠮᠵᠢ ᠲᠥᠬᠦᠭᠡᠷᠦᠮᠵᠢ ᠶᠢ ᠲᠦᠭᠡᠮᠡᠯᠵᠢᠭᠦᠯᠬᠦ ᠶᠢ ᠵᠣᠷᠢᠭᠵᠢᠭᠤᠯᠵᠤ᠂ ᠬᠦᠢᠯᠭᠡᠭᠡᠨ ᠤ ᠵᠠᠷᠤᠳᠠᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠲᠠᠸᠠᠷ ᠤᠨ ᠶᠠᠰᠤ ᠴᠢᠨᠠᠷ ᠢ ᠪᠠᠲᠤᠯᠠᠵᠤ᠂ ᠢᠳᠡᠭᠡᠨ ᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠠᠬᠢᠭᠤᠯᠬᠤ ᠶᠢ ᠰᠠᠨᠠᠭᠤᠯᠵᠤ ᠪᠠᠶᠢᠨ᠎ᠠ᠃ ᠭᠤᠷᠪᠠ ᠳᠤ᠂ ᠬᠤᠯᠢᠰᠢᠨ ᠢᠳᠡᠭᠡᠨ ᠤ ᠢᠨᠵᠧᠨᠧᠷᠢᠩ ᠪᠠ ᠰᠠᠭᠤᠭᠠᠯᠢ ᠠᠷᠠᠳ ᠤᠨ ᠲᠣᠭᠤᠷᠢᠭ ᠤᠨ ᠵᠢᠵᠢᠭᠯᠡᠨ ᠬᠤᠳᠠᠯᠳᠤᠬᠤ ᠨᠣᠭᠤᠭ᠎ᠠ ᠶᠢᠨ ᠳᠡᠯᠭᠡᠭᠦᠷ ᠤᠨ ᠢᠯᠴᠢ ᠬᠠᠩᠭᠠᠬᠤ ᠲᠠᠯ᠎ᠠ ᠪᠠᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠡᠷᠡᠭᠵᠢᠬᠦᠯᠬᠦ ᠶᠢ ᠰᠠᠨᠠᠭᠤᠯᠵᠦ ᠪᠠᠶᠢᠨ᠎ᠠ᠃ ᠬᠤᠯᠢᠰᠢᠨ ᠢᠳᠡᠭᠡᠨ ᠤ ᠢᠨᠵᠧᠨᠧᠷᠢᠩ ᠪᠣᠯᠤᠨ ᠰᠠᠭᠤᠭᠠᠯᠢ ᠠᠷᠠᠳ ᠤᠨ ᠲᠣᠭᠤᠷᠢᠭ ᠤᠨ ᠵᠢᠵᠢᠭᠯᠡᠨ ᠬᠤᠳᠠᠯᠳᠤᠬᠤ ᠨᠣᠭᠤᠭ᠎ᠠ ᠶᠢᠨ ᠳᠡᠯᠭᠡᠭᠦᠷ ᠨᠢ ᠬᠥᠳᠡᠯᠮᠦᠷᠢ ᠨᠢᠭᠲᠠᠷᠬᠠᠰᠠᠨ ᠬᠡᠯᠪᠡᠷᠢ ᠶᠢᠨ᠂ ᠬᠠᠲᠠᠭᠤᠵᠢᠯᠳᠡᠢ ᠮᠦᠷᠳᠡᠭᠡᠨ ᠪᠠᠭᠠᠬᠠᠨ ᠠᠰᠢᠭ ᠬᠤᠨᠵᠢᠪᠣᠷᠢ ᠤᠯᠳᠠᠭ ᠠᠵᠢᠯ ᠲᠥᠷᠥᠯ ᠪᠤᠯᠬᠤ ᠪᠦᠭᠡᠳ ᠬᠠᠩᠭᠠᠯᠭ᠎ᠠ ᠶᠢ ᠪᠠᠲᠤᠯᠠᠬᠤ᠂ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ᠂ ᠢᠳᠡᠭᠡᠨ ᠤ ᠠᠶᠤᠯᠭᠦᠢ ᠶᠢ ᠪᠠᠳᠤᠯᠠᠬᠤ ᠠᠷᠠᠳ ᠤᠨ ᠠᠮᠢᠳᠤᠷᠠᠯ ᠤᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠲᠠᠢ ᠠᠵᠢᠯ ᠲᠦᠷᠦᠯ ᠶᠤᠮ᠂ ᠣᠳᠣᠬᠠᠨ ᠤ ᠠᠵᠤ ᠠᠬᠤᠶ ᠮᠠᠭᠤᠳᠠᠬᠤ ᠳᠠᠷᠤᠯᠲᠠ ᠶᠢᠨ ᠳᠣᠣᠷ᠎ᠠ᠂ ᠵᠠᠰᠠᠭ ᠤᠨ ᠣᠷᠳᠣᠨ ᠠᠴᠠ ᠢᠯᠴᠢ ᠬᠠᠩᠭᠠᠬᠤ ᠲᠠᠯ᠎ᠠ ᠪᠠᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠭᠡᠷᠡᠭᠵᠢᠬᠦᠯᠵᠦ᠂ ᠵᠠᠬ᠎ᠠ ᠳᠡᠯᠭᠡᠭᠦᠷ᠂ ᠰᠠᠭᠤᠭᠠᠯᠢ ᠠᠷᠠᠳ ᠤᠨ ᠲᠣᠭᠤᠷᠢᠭ ᠤᠨ ᠵᠢᠵᠢᠭᠯᠡᠨ ᠬᠤᠳᠠᠯᠳᠤᠬᠤ ᠨᠣᠭᠤᠭ᠎ᠠ ᠶᠢᠨ ᠳᠡᠯᠭᠡᠭᠦᠷ ᠤᠨ ᠣᠳᠣᠬᠠᠨ ᠤ ᠬᠡᠷᠡᠭᠵᠢᠭᠦᠯᠵᠦ ᠪᠠᠶᠢᠭ᠎ᠠ ᠬᠤᠳᠠᠯᠳᠤᠭᠠᠨ ᠤ ᠢᠯᠴᠢ ᠬᠠᠩᠭᠠᠬᠤ ᠦᠨ᠎ᠡ ᠬᠠᠩᠰᠢ ︵5.03 ᠲᠥᠭᠦᠷᠢᠭ / ᠲᠡᠭᠰᠢ ᠳᠥᠷᠪᠡᠯᠵᠢᠨ ᠮᠧᠲᠷ / ᠰᠠᠷ᠎ᠠ︶ ᠶᠢ ᠡᠩ ᠤᠨ ᠰᠠᠭᠤᠭᠠᠯᠢ ᠠᠷᠠᠳ ᠤᠨ ᠢᠯᠴᠢ ᠬᠠᠩᠭᠠᠬᠤ ᠦᠨ᠎ᠡ ᠬᠠᠩᠰᠢ ︵3.68 ᠲᠥᠭᠦᠷᠢᠭ / ᠲᠡᠭᠰᠢ ᠳᠥᠷᠪᠡᠯᠵᠢᠨ ᠮᠧᠲᠷ / ᠰᠠᠷ᠎ᠠ︶ ᠪᠣᠯᠭᠠᠨ ᠲᠣᠬᠢᠷᠠᠭᠤᠯᠵᠤ᠂ ᠡᠭᠦᠨ ᠢᠶᠠᠷ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠲᠡᠭᠦᠨ ᠤ ᠨᠡᠶᠢᠲᠡ ᠶᠢᠨ ᠠᠰᠠᠷᠠᠮᠵᠢ ᠶᠢᠨ ᠡᠭᠦᠷᠭᠡ ᠴᠢᠳᠠᠮᠵᠢ ᠶᠢ ᠨᠠᠩ ᠰᠠᠶᠢᠨ ᠪᠠᠳᠠᠷᠠᠭᠤᠯᠬᠤ ᠶᠢ ᠰᠠᠨᠠᠭᠤᠯᠵᠤ ᠪᠠᠶᠢᠨ᠎ᠠ ᠬᠡᠵᠡᠢ᠃http://mongol.people.com.cn/15836619.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号