ᠬᠤᠲᠠ ᠶᠢᠨ ᠵᠠᠰᠠᠭ ᠤᠨ ᠣᠷᠳᠣᠨ ᠰᠠᠭᠤᠳᠠᠯ ᠤᠨ ᠬᠤᠷᠠᠯ ᠵᠣᠬᠢᠶᠠᠨ ᠪᠠᠶᠢᠭᠤᠯᠤᠨ ᠬᠤᠷᠠᠯᠳᠤᠭᠤᠯᠵᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠬᠤ ᠨᠣᠣᠷᠠᠭ︶︾ ᠳᠤ ᠰᠠᠨᠠᠯ ᠬᠤᠷᠢᠶᠠᠪᠠ
ᠨᠡᠶᠢᠲᠡᠯᠡᠭᠰᠡᠨ ᠴᠠᠭ᠄
2021/2/1
      ︵ᠰᠤᠷᠪᠤᠯᠵᠢᠯᠠᠭᠴᠢ ᠠᠷᠢᠭᠤᠨ᠎ᠠ  ᠰᠦᠨ ᠶᠤᠸᠡᠢ ᠯᠥᠩ︶ 1 ᠳ᠋ᠦ᠋ᠭᠡᠷ ᠰᠠᠷ᠎ᠠ ᠶᠢᠨ 30 ᠤ ᠡᠳᠦᠷ᠂ ᠬᠤᠲᠠ ᠶᠢᠨ ᠵᠠᠰᠠᠭ ᠤᠨ ᠣᠷᠳᠣᠨ ᠬᠤᠶᠠᠷ ᠬᠦᠷᠢᠶ᠎ᠡ ᠴᠠᠷᠠᠭ᠎ᠠ ᠶᠢᠨ ᠰᠠᠭᠤᠳᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠬᠠᠮᠠᠳ ᠺᠠᠳ᠋ᠷ ᠤᠨ ᠲᠥᠯᠥᠭᠡᠯᠡᠭᠴᠢ᠂ ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ᠂ ᠦᠨᠳᠦᠰᠦᠨ ᠱᠠᠲᠤᠨ ᠤ ᠲᠥᠯᠥᠭᠡᠯᠡᠭᠴᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠷᠠᠳᠴᠢᠯᠠᠭᠰᠠᠨ ᠨᠠᠮ ᠪᠦᠯᠦᠭ ᠤᠨ ᠲᠥᠯᠥᠭᠡᠯᠡᠭᠴᠢ ᠶᠢᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠬᠤ ᠨᠣᠣᠷᠠᠭ︶︾ ᠳᠠᠬᠢ ᠰᠠᠨᠠᠯ ᠰᠠᠨᠠᠭᠤᠯᠭ᠎ᠠ ᠶᠢ ᠲᠤᠰᠪᠦᠷᠢ ᠰᠣᠨᠣᠰᠪᠠ᠃      ᠰᠠᠭᠤᠳᠠᠯ ᠤᠨ ᠬᠤᠷᠠᠯ ᠳᠡᠭᠡᠷ᠎ᠡ᠂ ᠣᠯᠠᠨ ᠢᠶᠠᠷ ᠢᠶᠠᠨ ᠴᠢᠯᠦᠭᠡᠲᠡᠢ ᠢᠳᠡᠪᠬᠢᠲᠡᠢ ᠶᠠᠷᠢᠯᠴᠠᠨ᠂ ᠡᠩ ᠤᠨ ᠦᠶ᠎ᠡ ᠶᠢᠨ ᠦᠵᠡᠭᠰᠡᠨ ᠰᠣᠨᠣᠰᠤᠭᠰᠠᠨ᠂ ᠰᠠᠨᠠᠭᠰᠠᠨ ᠪᠣᠳᠣᠭᠰᠠᠨ ᠲᠠᠢ ᠪᠠᠨ ᠤᠶᠠᠯᠳᠤᠭᠤᠯᠵᠤ᠂ ᠲᠥᠪ ᠬᠤᠲᠠ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠡᠭᠦᠳᠦᠯᠲᠡ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ᠂ ᠰᠤᠷᠭᠠᠨ ᠬᠥᠮᠥᠵᠢᠯ ᠡᠮ ᠡᠮᠨᠡᠯᠭᠡ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ ᠵᠡᠷᠭᠡ ᠲᠠᠯ᠎ᠠ ᠶᠢᠨ ᠠᠵᠢᠯ ᠳᠤ ᠲᠤᠶᠢᠯ ᠤᠨ ᠬᠠᠨᠳᠤᠯᠭᠠᠲᠤ ᠴᠢᠨᠠᠷ ᠲᠠᠢ ᠰᠠᠨᠠᠯ ᠳᠤᠷᠠᠳᠴᠠᠢ᠃ ᠣᠯᠠᠨ ᠢᠶᠠᠷ ᠢᠶᠠᠨ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠬᠤ ᠨᠣᠣᠷᠠᠭ︶︾ ᠨᠢ ᠬᠢᠷᠢ ᠪᠦᠲᠦᠮᠵᠢ ᠪᠠᠨ ᠦᠨᠡᠨ ᠠᠴᠠ ᠵᠥᠪ ᠢ ᠡᠷᠢᠨ᠂ ᠰᠢᠰᠲ᠋ᠧᠮ ᠲᠠᠢ ᠪᠦᠬᠦ ᠲᠠᠯ᠎ᠠ ᠪᠠᠷ ᠳ᠋ᠦᠩᠨᠡᠵᠦ᠂ 2021 ᠣᠨ ᠤ ᠠᠵᠢᠯ ᠤᠨ ᠪᠠᠶᠢᠷᠢᠯᠠᠭᠤᠯᠤᠯᠲᠠ ᠶᠢᠨ ᠰᠡᠳᠬᠢᠮᠵᠢ ᠲᠣᠳᠣᠬᠠᠨ᠂ ᠠᠷᠭ᠎ᠠ ᠬᠡᠮᠵᠢᠶ᠎ᠡ ᠨᠢ ᠡᠷᠴᠢᠮᠲᠡᠢ᠂ ᠲᠥᠪ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠨᠡᠶᠢᠴᠡᠵᠦ᠂ ᠲᠥᠪ ᠬᠤᠲᠠ ᠶᠢᠨ ᠪᠣᠳᠠᠲᠠᠢ ᠳᠤ ᠨᠡᠶᠢᠴᠡᠵᠡᠢ ᠭᠡᠵᠦ ᠨᠢᠭᠡᠳᠦᠯᠲᠡᠢ ᠦᠵᠡᠵᠡᠭᠡᠪᠡ᠃      ᠬᠤᠷᠠᠯ ᠠᠴᠠ ᠵᠢᠭᠠᠭᠰᠠᠨ ᠨᠢ᠂ ᠬᠤᠷᠠᠯ ᠳᠤ ᠣᠷᠣᠯᠴᠠᠭᠰᠠᠨ ᠬᠥᠮᠥᠰ ᠤᠨ ᠳᠤᠷᠠᠳᠤᠭᠰᠠᠨ ᠰᠠᠨᠠᠯ ᠰᠠᠨᠠᠭᠤᠯᠭ᠎ᠠ  ᠨᠢ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠡᠭᠦᠯᠳᠡᠷᠵᠢᠭᠦᠯᠬᠦ ᠳᠤ ᠮᠠᠰᠢ ᠶᠡᠭᠡ ᠵᠢᠯᠣᠭᠤᠳᠬᠤ ᠴᠢᠨᠠᠷ  ᠲᠠᠢ᠂ ᠨᠣᠣᠷᠠᠭᠯᠠᠬᠤ ᠳᠤᠭᠤᠶᠢᠯᠠᠩ ᠤᠨ ᠬᠢᠨ ᠨᠠᠷᠢᠨ ᠬᠢᠨᠠᠮᠠᠭᠠᠢ ᠡᠮᠬᠢᠳᠬᠡᠵᠦ᠂ ᠭᠦᠢᠴᠡᠳ ᠰᠢᠩᠭᠡᠭᠡᠨ ᠠᠪᠴᠤ᠂ ᠢᠯᠡᠳᠬᠡᠯ ᠢ ᠵᠠᠰᠠᠨ ᠲᠡᠭᠦᠯᠳᠡᠷᠵᠢᠭᠦᠯᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠠᠷᠠᠳ ᠲᠦᠮᠡᠨ ᠤ ᠬᠦᠰᠡᠯ ᠮᠥᠷᠥᠭᠡᠳᠦᠯ ᠢ ᠬᠠᠷᠠᠭᠤᠯᠵᠤ᠂ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ ᠪᠣᠯᠣᠨ ᠬᠤᠲᠠ ᠶᠢᠨ ᠳᠡᠳ᠋ ᠳᠠᠷᠤᠭ᠎ᠠ ᠪᠢ ᠭᠥᠸᠧ ᠴᠧᠨ ᠬᠤᠶᠠᠷ ᠬᠤᠷᠠᠯ ᠢ ᠲᠤᠰ ᠲᠤᠰ ᠡᠷᠬᠢᠯᠡᠵᠡᠢ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠠᠨ ᠹᠧᠩ᠂ ᠬᠤᠲᠠ ᠵᠢᠨ‌ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠠᠯᠪᠠᠨ ᠭᠡᠷ ᠤᠨ ᠡᠷᠬᠢᠯᠡᠭᠴᠢ ᠵᠠᠩ ᠵᠦᠩ ᠳ᠋ᠦᠩ ᠬᠤᠷᠠᠯ ᠳᠤ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号