ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠣᠣᠷᠠᠭ︶︾ ᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2021/2/1
      ︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠶᠢᠨ ᠬᠤᠷᠢᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠣᠣᠷᠠᠭ︶︾ ᠢ ᠬᠢᠨᠠᠨ ᠵᠥᠪᠯᠡᠵᠦ᠂ ︽ᠬᠥᠬᠡᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠬᠢᠭᠡᠳ 2035 ᠣᠨ ᠤ ᠬᠤᠯᠠ ᠶᠢᠨ ᠬᠠᠷᠠᠯᠲᠠ ᠶᠢᠨ ᠬᠥᠲᠥᠯᠪᠦᠷᠢ ︵ᠬᠦᠷᠭᠡᠨ ᠬᠢᠨᠠᠭᠤᠯᠬᠤ ᠨᠣᠣᠷᠠᠭ︶︾ ︽ᠬᠥᠬᠡᠬᠤᠲᠠ ᠶᠢᠨ 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ ︵ᠬᠢᠨᠠᠨ ᠵᠥᠪᠯᠡᠬᠦ ᠨᠣᠣᠷᠠᠭ︶︾ ︽ᠬᠥᠬᠡᠬᠤᠲᠠ ᠶᠢᠨ 2020 ᠣᠨ ᠤ ᠲᠥᠰᠥᠪ ᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠲᠥᠰᠥᠪ ︵ᠲᠥᠰᠥᠯ︶ ᠤᠨ ᠮᠡᠳᠡᠭᠦᠯᠦᠯᠲᠡ︾ ᠶᠢᠨ ᠬᠠᠷᠢᠭᠤ ᠮᠡᠳᠡᠭᠦᠯᠦᠯᠲᠡ ᠶᠢᠨ ᠰᠣᠨᠣᠰᠪᠠ᠃      ᠬᠤᠷᠠᠯ ᠠᠴᠠ ᠵᠢᠭᠠᠭᠰᠠᠨ ᠨᠢ᠂ ᠪᠦᠬᠦ ᠬᠤᠲᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠶᠢᠨ ᠬᠤᠷᠢᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠣᠳᠠᠲᠤ ᠠᠵᠢᠯᠯᠠᠭ᠎ᠠ ᠳᠤᠮᠳᠠ ᠪᠠᠨ ᠨᠠᠶᠢᠳᠠᠪᠤᠷᠢᠵᠢᠭᠤᠯᠵᠤ᠂ ᠪᠣᠳᠠᠲᠤ ᠠᠵᠢᠯ ᠳᠤᠮᠳᠠ ᠪᠠᠨ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠲᠥᠪ ᠬᠤᠲᠠ ᠶᠢᠨ ᠠᠵᠢᠯ ᠢᠶᠠᠨ ᠰᠠᠶᠢᠬᠠᠨ ᠡᠬᠢᠯᠡᠬᠦᠯᠵᠦ᠂ ᠡᠬᠢᠨ ᠤ ᠠᠯᠬᠤᠭ᠎ᠠ ᠪᠠᠨ ᠰᠠᠶᠢᠬᠠᠨ ᠠᠯᠬᠤᠬᠤ ᠶᠢ ᠪᠠᠲᠤᠯᠠᠬᠤ ᠬᠡᠷᠡᠭᠲᠡᠢ ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠣᠯᠣᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠥᠲᠥᠯᠪᠦᠷᠢ︾ ᠪᠣᠯ ᠵᠠᠰᠠᠭ ᠤᠨ ᠣᠷᠳᠣᠨ ᠤ ᠰᠢᠨ᠎ᠡ ᠨᠢᠭᠡᠨ ᠵᠢᠯ ᠪᠠ ᠬᠤᠶᠢᠰᠢᠳᠠ ᠶᠢᠨ ᠲᠠᠪᠤᠨ ᠵᠢᠯ ᠤᠨ ᠠᠵᠢᠯ ᠢ ᠵᠢᠯᠣᠭᠤᠳᠤᠨ ᠲᠦᠯᠬᠢᠨ ᠠᠬᠢᠭᠤᠯᠬᠤ ᠡᠷᠬᠡ ᠰᠦᠷᠲᠦ ᠬᠥᠲᠥᠯᠪᠦᠷᠢ ᠶᠢᠨ ᠴᠢᠨᠠᠷ ᠲᠠᠢ ᠪᠢᠴᠢᠭ ᠮᠠᠲ᠋ᠧᠷᠢᠶᠠᠯ ᠪᠣᠯᠣᠨ᠎ᠠ᠂ ᠳᠠᠷᠠᠭᠠᠴᠢ ᠶᠢᠨ ᠠᠯᠬᠤᠮ ᠳᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠣᠯᠣᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠥᠲᠥᠯᠪᠦᠷᠢ︾ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠯ᠎ᠡ ᠳᠠᠪᠬᠤᠷᠭ᠎ᠠ ᠡᠯ᠎ᠡ ᠬᠦᠷᠢᠶ᠎ᠡ ᠴᠠᠷᠠᠭ᠎ᠠ ᠶᠢᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠤᠨ᠂ ᠨᠠᠷᠢᠨ ᠬᠢᠨᠠᠮᠠᠭᠠᠢ ᠰᠤᠳᠤᠯᠤᠨ ᠰᠢᠩᠭᠡᠭᠡᠵᠦ᠂ ᠨᠢᠭᠡᠨ ᠲᠥᠪ ᠬᠤᠲᠠ ᠶᠢᠨ ᠬᠥᠭᠵᠢᠯᠲᠡ ᠶᠢᠨ ᠪᠣᠳᠠᠲᠠᠢ ᠳᠤ ᠨᠡᠶᠢᠴᠡᠭᠰᠡᠨ᠂ ᠬᠡᠷᠡᠭᠵᠢᠭᠦᠯᠵᠦ ᠪᠣᠯᠬᠤ ᠪᠠᠷ ᠴᠢᠩᠭ᠎ᠠ ᠢᠯᠡᠳᠬᠡᠯ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠭᠰᠠᠨ ᠨᠢ᠂ ︽ᠲᠥᠯᠥᠪᠯᠡᠭᠡ ᠶᠢᠨ ᠮᠡᠳᠡᠭᠦᠯᠦᠯᠲᠡ︾ ᠬᠢᠭᠡᠳ ︽ᠲᠥᠰᠥᠪ ᠤᠨ ᠮᠡᠳᠡᠭᠦᠯᠦᠯᠲᠡ︾ ᠪᠣᠯ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠡᠳ᠋ ‍ᠦᠨ‌ᠵᠠᠰᠠᠭ ᠤᠨ ᠲᠥᠰᠥᠪ ᠢ ᠬᠡᠷᠡᠭᠵᠢᠭᠦᠯᠦᠭᠰᠡᠨ ᠪᠠᠶᠢᠳᠠᠯ ᠳᠤ ᠬᠢᠭᠰᠡᠨ ᠪᠦᠬᠦ ᠲᠠᠯ᠎ᠠ ᠶᠢᠨ ᠳ᠋ᠦᠩᠨᠡᠯᠲᠡ ᠪᠠ ᠪᠠᠶᠢᠷᠢᠯᠠᠭᠤᠯᠤᠯᠲᠠ ᠪᠣᠯᠣᠨ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠲᠥᠯᠥᠪᠯᠡᠭᠡ ᠶᠢᠨ ᠮᠡᠳᠡᠭᠦᠯᠦᠯᠲᠡ︾ ᠬᠢᠭᠡᠳ ︽ᠲᠥᠰᠥᠪ ᠤᠨ ᠮᠡᠳᠡᠭᠦᠯᠦᠯᠲᠡ︾ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠠᠵᠢᠯ᠂ ᠭᠦᠢᠴᠡᠳᠬᠡᠯ ᠲᠤᠭ᠎ᠠ ᠬᠡᠮᠵᠢᠶ᠎ᠡ ᠪᠠ ᠡᠭᠦᠷᠭᠡ ᠬᠠᠷᠠᠯᠲᠠ ᠶᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ ᠵᠢᠱᠢᠨ ᠪᠣᠳᠣᠵᠤ ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠣᠯᠣᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠥᠲᠥᠯᠪᠦᠷᠢ︾ ᠲᠠᠢ ᠨᠢᠭᠲᠠ ᠬᠤᠯᠪᠣᠯᠳᠤᠵᠤ᠂ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ ᠭᠡᠵᠡᠢ᠃      2021 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠨᠡᠮᠡᠭᠳᠡᠭᠦᠯᠬᠦ ᠤᠴᠢᠷ ᠶᠠᠪᠤᠳᠠᠯ ᠢ ᠰᠤᠳᠤᠯᠬᠤ ᠤᠴᠢᠷ ᠲᠤ᠂ ᠬᠤᠷᠠᠯ ᠠᠴᠠ ᠴᠢᠬᠤᠯᠠᠴᠢᠯᠠᠭᠰᠠᠨ ᠨᠢ᠂ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠨᠡᠮᠡᠭᠳᠡᠭᠦᠯᠬᠦ ᠨᠢ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠨ ᠠᠳᠬᠤᠵᠤ᠂ ᠰᠠᠶᠢᠨ ᠤᠴᠢᠷ ᠢ ᠰᠠᠶᠢᠬᠠᠨ ᠬᠢᠵᠦ᠂ ᠪᠣᠳᠠᠲᠤ ᠤᠴᠢᠷ ᠢ ᠪᠣᠳᠠᠲᠠᠢ ᠬᠢᠵᠦ᠂ ᠠᠪᠤᠷᠠᠨ ᠲᠤᠰᠠᠯᠠᠬᠤ ᠪᠡᠯᠡ ᠮᠥᠩᠭᠦ ᠶᠢ ᠴᠠᠭ ᠲᠤᠬᠠᠢ ᠳᠠᠭᠠᠨ ᠲᠤᠭ᠎ᠠ ᠶᠣᠰᠣᠭᠠᠷ ᠣᠷᠣᠨ ᠪᠠᠶᠢᠷᠢ ᠳᠤᠨᠢ ᠪᠠᠭᠤᠯᠭᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠲᠡᠨ ᠠᠮᠢᠳᠤᠷᠠᠯ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号