ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ | ᠰᠡᠴᠡᠨ︶ ᠬᠦᠬᠡᠬᠤᠳᠠ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢ ᠣᠯᠠᠨ ᠲᠦᠮᠡᠨ ᠢ | ᠳᠠᠭᠠᠭᠤᠯᠤᠨ ᠶᠠᠳᠠᠭᠤ ᠠᠴᠠ ᠨᠢ ᠠᠩᠭᠢᠵᠢᠷᠠᠭᠤᠯᠤᠨ ᠴᠢᠨᠡᠭᠡᠯᠢᠭᠵᠢᠬᠦᠯᠬᠦ ᠪᠠᠲᠤ ᠴᠢᠩᠭ᠎ᠠ ᠳᠠᠶᠢᠴᠢᠨ ᠪᠠᠬᠢᠯᠡᠯᠲᠡ | ᠪᠣᠯᠭᠠᠨ ᠴᠣᠭᠴᠠᠯᠠᠵᠣ᠂ ︽ᠨᠠᠮ ᠤᠨ ᠪᠠᠶᠢᠭᠤᠯᠤᠯᠲᠠ︾ + ᠶᠠᠳᠠᠭᠤ ᠶᠢ ᠲᠡᠳᠬᠦᠬᠦ ᠰᠢᠨ᠎ᠡ ᠵᠠᠭᠪᠤᠷ ᠢ ᠢᠳᠡᠪᠬᠢᠲᠡᠢ | ᠰᠦᠪᠡᠭᠴᠢᠯᠡᠵᠤ᠂ ︽ᠨᠠᠮ ᠤᠨ ᠡᠭᠦᠷ + ᠬᠤᠷᠰᠢᠶ᠎ᠠ︾᠂ ︽ᠨᠠᠮ ᠤᠨ ᠡᠭᠦᠷ + ᠶᠠᠳᠠᠭᠤ ᠶᠢ ᠲᠡᠳᠬᠦᠬᠦ | ᠦᠢᠯᠡᠳᠪᠦᠷᠢ ᠶᠢᠨ ᠲᠠᠰᠤᠭ︾ ᠤᠨ ᠬᠦᠭᠵᠢᠯᠳᠠ ᠶᠢᠨ ᠰᠢᠨ᠎ᠡ ᠵᠠᠮ ᠢ ᠨᠡᠭᠡᠭᠡᠵᠦ᠂ ᠶᠠᠳᠠᠭᠤ ᠬᠦᠴᠢᠷᠳᠡᠯᠲᠡᠢ | ᠲᠣᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢ ᠬᠥᠲᠥᠯᠦᠨ ᠵᠢᠯᠣᠭᠤᠳᠴᠤ ᠠᠵᠤ ᠦᠢᠯᠡᠰ᠂ ᠲᠥᠷᠥᠯ | ᠵᠦᠢᠯ ᠤᠨ ᠬᠥᠭᠵᠢᠯᠲᠡ ᠶᠢ ᠪᠦᠲᠦᠮᠵᠢᠲᠡᠢ ᠠᠬᠢᠭᠤᠯᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ ᠪᠠᠶᠢᠨ᠎ᠠ᠃ | | ᠬᠦᠬᠡᠬᠤᠲᠠ ᠬᠠᠮᠢᠶᠠᠷᠤᠯᠳᠠ ᠨᠢ ᠰᠤᠯᠠ ᠵᠠᠳᠠᠭᠠᠢ ᠲᠣᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠳᠤ | ᠰᠢᠯᠢᠳᠡᠭ ᠨᠠᠮ ᠤᠨ ᠠᠵᠢᠯᠲᠠᠨ ᠢ ᠰᠣᠩᠭᠤᠨ ᠲᠣᠬᠢᠷᠠᠭᠤᠯᠵᠤ᠂ ᠪᠠᠶᠠᠵᠢᠯ ᠤᠨ ᠳᠠᠭᠠᠭᠤᠯᠤᠭᠴᠢ ᠶᠢᠨ ᠡᠩᠨᠡᠭᠡ ᠶᠢ | ᠬᠦᠴᠦᠯᠡᠨ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠳᠠᠶᠢᠴᠢᠨ | ᠪᠠᠬᠢᠯᠡᠯᠲᠡ ᠶᠢᠨ ᠦᠢᠯᠡᠳᠦᠯ ᠢ ᠲᠠᠰᠤᠷᠠᠯᠲᠠ ᠦᠭᠡᠢ ᠴᠢᠩᠭᠠᠳᠬᠠᠪᠠ᠃ ᠣᠳᠣᠬᠠᠨ ᠳᠤ᠂ ᠪᠥᠬᠦ ᠬᠤᠲᠠ ᠶᠢᠨ 965 | ᠵᠠᠰᠠᠭ ᠵᠠᠬᠢᠷᠭᠠᠨ ᠤ ᠲᠣᠰᠬᠤᠨ ᠳᠤ ᠴᠥᠮ ᠬᠠᠮᠲᠤ ᠶᠢᠨ ᠠᠵᠤ ᠠᠬᠤᠢ ᠶᠢᠨ ᠣᠷᠣᠯᠭ᠎ᠠ ᠲᠠᠢ ᠪᠤᠯᠵᠤ᠂ ᠲᠤᠰᠬᠤᠨ ᠤ | ᠬᠠᠮᠲᠤ ᠶᠢᠨ ᠠᠵᠤ ᠠᠬᠤᠢ ᠶᠢᠨ ᠬᠦᠴᠦᠨ ᠪᠠᠭᠤᠷᠠᠢ ᠶᠠᠳᠠᠭᠤ ᠬᠦᠴᠢᠷᠳᠡᠯᠲᠡᠢ ᠲᠣᠰᠬᠤᠨ ᠤ ᠪᠦᠬᠦᠨ ᠢᠶᠠᠷ ᠢᠶᠠᠨ | ᠶᠠᠳᠠᠭᠤ ᠠᠴᠠ ᠠᠩᠭᠢᠵᠢᠷᠠᠪᠠ᠃ | ᠬᠦᠬᠡᠬᠤᠲᠠ ︽ᠶᠠᠳᠠᠭᠤ ᠶᠢ ᠲᠡᠳᠬᠦᠬᠦ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠠᠳᠬᠤᠵᠤ᠂ ᠨᠠᠮ | ᠤᠨ ᠪᠠᠶᠢᠭᠤᠯᠤᠯᠲᠠ ᠶᠢ ᠠᠳᠬᠤᠨ ᠶᠠᠳᠠᠭᠤ ᠶᠢ ᠲᠡᠳᠬᠦᠬᠦ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠪᠠᠷ | ᠶᠠᠳᠠᠭᠤ ᠠᠴᠠ ᠠᠩᠭᠢᠵᠢᠷᠠᠭᠤᠯᠬᠤ ᠶᠢ ᠬᠥᠲᠥᠯᠥᠨ ᠳᠠᠭᠠᠭᠤᠯᠬᠤ︾ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ᠂ ᠰᠤᠷᠲᠠᠯ ᠤᠨ ᠪᠠᠶᠢᠭᠤᠯᠤᠯᠲᠠ | ᠂ ᠦᠨᠳᠤᠰᠤᠨ ᠱᠠᠳᠤᠨ ᠤ ᠨᠠᠮ ᠤᠨ ᠬᠡᠰᠢᠬᠦᠨ ᠺᠠᠳ᠋ᠷ ᠤᠨ ᠡᠩᠨᠡᠭᠡ ᠶᠢᠨ ᠪᠠᠶᠢᠭᠤᠯᠤᠯᠳᠠ ᠶᠢ ᠢᠮᠠᠭᠳᠠ ᠳᠣᠪᠣᠶᠢᠮ᠎ᠠ | ᠪᠠᠶᠢᠷᠢᠨ ᠳᠤ ᠲᠠᠯᠪᠢᠵᠤ᠂ ᠲᠤᠰᠬᠤᠨ ᠤ ᠠᠵᠤ ᠦᠢᠯᠡᠰ ᠤᠨ ᠬᠥᠭᠵᠢᠯᠲᠡ ᠳᠠᠬᠢ ᠨᠠᠮ ᠤᠨ ᠵᠣᠬᠢᠶᠠᠨ ᠪᠠᠶᠢᠭᠤᠯᠤᠯᠳᠠ | ᠪᠣᠯᠣᠨ ᠨᠠᠮ ᠤᠨ ᠭᠡᠰᠢᠭᠦᠨ ᠤ ᠨᠢᠭᠳᠠᠷᠠᠭᠤᠯᠬᠤ᠂ ᠬᠦᠳᠦᠯᠤᠨ ᠲᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ ᠢ | ᠬᠦᠢᠴᠡᠳ ᠪᠠᠳᠠᠷᠠᠭᠤᠯᠵᠤ᠂ ᠶᠠᠳᠠᠭᠤ ᠬᠦᠴᠢᠷᠳᠠᠯᠳᠠᠢ ᠤᠯᠠᠨ ᠲᠦᠮᠡᠨ ᠢ ᠣᠷᠣᠯᠭ᠎ᠠ ᠶᠢ ᠨᠢ ᠨᠡᠮᠡᠭᠳᠡᠭᠦᠯᠦᠨ | ᠬᠠᠮᠲᠤ ᠪᠠᠷ ᠴᠢᠨᠡᠭᠡᠯᠢᠭᠵᠢᠬᠦ ᠶᠢ ᠪᠦᠲᠦᠮᠵᠢᠲᠡᠢ ᠠᠬᠢᠭᠤᠯᠵᠤ ᠪᠠᠶᠢᠨ᠎ᠠ᠃ |