ᠬᠦᠬᠡᠬᠤᠲᠠ ︽ᠨᠠᠮ ᠤᠨ ᠪᠠᠶᠢᠭᠤᠯᠤᠯᠲᠠ︾ + ᠵᠠᠭᠪᠤᠷ ᠢᠶᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠢ ᠪᠦᠳᠦᠮᠵᠢᠳᠡᠢ ᠠᠬᠢᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2021/2/1
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠰᠡᠴᠡᠨ︶ ᠬᠦᠬᠡᠬᠤᠳᠠ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢ ᠣᠯᠠᠨ ᠲᠦᠮᠡᠨ ᠢ ᠳᠠᠭᠠᠭᠤᠯᠤᠨ ᠶᠠᠳᠠᠭᠤ ᠠᠴᠠ ᠨᠢ ᠠᠩᠭᠢᠵᠢᠷᠠᠭᠤᠯᠤᠨ ᠴᠢᠨᠡᠭᠡᠯᠢᠭᠵᠢᠬᠦᠯᠬᠦ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠴᠣᠭᠴᠠᠯᠠᠵᠣ᠂ ︽ᠨᠠᠮ ᠤᠨ ᠪᠠᠶᠢᠭᠤᠯᠤᠯᠲᠠ︾ + ᠶᠠᠳᠠᠭᠤ ᠶᠢ ᠲᠡᠳᠬᠦᠬᠦ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠤ᠂ ︽ᠨᠠᠮ ᠤᠨ ᠡᠭᠦᠷ + ᠬᠤᠷᠰᠢᠶ᠎ᠠ︾᠂ ︽ᠨᠠᠮ ᠤᠨ ᠡᠭᠦᠷ + ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ︾ ᠤᠨ ᠬᠦᠭᠵᠢᠯᠳᠠ ᠶᠢᠨ ᠰᠢᠨ᠎ᠡ ᠵᠠᠮ ᠢ ᠨᠡᠭᠡᠭᠡᠵᠦ᠂ ᠶᠠᠳᠠᠭᠤ ᠬᠦᠴᠢᠷᠳᠡᠯᠲᠡᠢ ᠲᠣᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢ ᠬᠥᠲᠥᠯᠦᠨ ᠵᠢᠯᠣᠭᠤᠳᠴᠤ ᠠᠵᠤ ᠦᠢᠯᠡᠰ᠂ ᠲᠥᠷᠥᠯ ᠵᠦᠢᠯ ᠤᠨ ᠬᠥᠭᠵᠢᠯᠲᠡ ᠶᠢ ᠪᠦᠲᠦᠮᠵᠢᠲᠡᠢ ᠠᠬᠢᠭᠤᠯᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ ᠪᠠᠶᠢᠨ᠎ᠠ᠃      ᠬᠦᠬᠡᠬᠤᠲᠠ ᠬᠠᠮᠢᠶᠠᠷᠤᠯᠳᠠ ᠨᠢ ᠰᠤᠯᠠ ᠵᠠᠳᠠᠭᠠᠢ ᠲᠣᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠳᠤ ᠰᠢᠯᠢᠳᠡᠭ ᠨᠠᠮ ᠤᠨ ᠠᠵᠢᠯᠲᠠᠨ ᠢ ᠰᠣᠩᠭᠤᠨ ᠲᠣᠬᠢᠷᠠᠭᠤᠯᠵᠤ᠂ ᠪᠠᠶᠠᠵᠢᠯ ᠤᠨ ᠳᠠᠭᠠᠭᠤᠯᠤᠭᠴᠢ ᠶᠢᠨ ᠡᠩᠨᠡᠭᠡ ᠶᠢ ᠬᠦᠴᠦᠯᠡᠨ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠲᠠᠰᠤᠷᠠᠯᠲᠠ ᠦᠭᠡᠢ ᠴᠢᠩᠭᠠᠳᠬᠠᠪᠠ᠃ ᠣᠳᠣᠬᠠᠨ ᠳᠤ᠂ ᠪᠥᠬᠦ ᠬᠤᠲᠠ ᠶᠢᠨ 965 ᠵᠠᠰᠠᠭ ᠵᠠᠬᠢᠷᠭᠠᠨ ᠤ ᠲᠣᠰᠬᠤᠨ ᠳᠤ ᠴᠥᠮ ᠬᠠᠮᠲᠤ ᠶᠢᠨ ᠠᠵᠤ ᠠᠬᠤᠢ ᠶᠢᠨ ᠣᠷᠣᠯᠭ᠎ᠠ ᠲᠠᠢ ᠪᠤᠯᠵᠤ᠂ ᠲᠤᠰᠬᠤᠨ ᠤ ᠬᠠᠮᠲᠤ ᠶᠢᠨ ᠠᠵᠤ ᠠᠬᠤᠢ ᠶᠢᠨ ᠬᠦᠴᠦᠨ ᠪᠠᠭᠤᠷᠠᠢ ᠶᠠᠳᠠᠭᠤ ᠬᠦᠴᠢᠷᠳᠡᠯᠲᠡᠢ ᠲᠣᠰᠬᠤᠨ ᠤ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠪᠠ᠃      ᠬᠦᠬᠡᠬᠤᠲᠠ ︽ᠶᠠᠳᠠᠭᠤ ᠶᠢ ᠲᠡᠳᠬᠦᠬᠦ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠠᠳᠬᠤᠵᠤ᠂ ᠨᠠᠮ ᠤᠨ ᠪᠠᠶᠢᠭᠤᠯᠤᠯᠲᠠ ᠶᠢ ᠠᠳᠬᠤᠨ ᠶᠠᠳᠠᠭᠤ ᠶᠢ ᠲᠡᠳᠬᠦᠬᠦ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠬᠥᠲᠥᠯᠥᠨ ᠳᠠᠭᠠᠭᠤᠯᠬᠤ︾ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ᠂ ᠰᠤᠷᠲᠠᠯ ᠤᠨ ᠪᠠᠶᠢᠭᠤᠯᠤᠯᠲᠠ᠂ ᠦᠨᠳᠤᠰᠤᠨ ᠱᠠᠳᠤᠨ ᠤ ᠨᠠᠮ ᠤᠨ ᠬᠡᠰᠢᠬᠦᠨ ᠺᠠᠳ᠋ᠷ ᠤᠨ ᠡᠩᠨᠡᠭᠡ ᠶᠢᠨ ᠪᠠᠶᠢᠭᠤᠯᠤᠯᠳᠠ ᠶᠢ ᠢᠮᠠᠭᠳᠠ ᠳᠣᠪᠣᠶᠢᠮ᠎ᠠ ᠪᠠᠶᠢᠷᠢᠨ ᠳᠤ ᠲᠠᠯᠪᠢᠵᠤ᠂ ᠲᠤᠰᠬᠤᠨ ᠤ ᠠᠵᠤ ᠦᠢᠯᠡᠰ ᠤᠨ ᠬᠥᠭᠵᠢᠯᠲᠡ ᠳᠠᠬᠢ ᠨᠠᠮ ᠤᠨ ᠵᠣᠬᠢᠶᠠᠨ ᠪᠠᠶᠢᠭᠤᠯᠤᠯᠳᠠ ᠪᠣᠯᠣᠨ ᠨᠠᠮ ᠤᠨ ᠭᠡᠰᠢᠭᠦᠨ ᠤ ᠨᠢᠭᠳᠠᠷᠠᠭᠤᠯᠬᠤ᠂ ᠬᠦᠳᠦᠯᠤᠨ ᠲᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠶᠠᠳᠠᠭᠤ ᠬᠦᠴᠢᠷᠳᠠᠯᠳᠠᠢ ᠤᠯᠠᠨ ᠲᠦᠮᠡᠨ ᠢ ᠣᠷᠣᠯᠭ᠎ᠠ ᠶᠢ ᠨᠢ ᠨᠡᠮᠡᠭᠳᠡᠭᠦᠯᠦᠨ ᠬᠠᠮᠲᠤ ᠪᠠᠷ ᠴᠢᠨᠡᠭᠡᠯᠢᠭᠵᠢᠬᠦ ᠶᠢ ᠪᠦᠲᠦᠮᠵᠢᠲᠡᠢ ᠠᠬᠢᠭᠤᠯᠵᠤ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ