ᠸᠠᠩ ᠯᠢ ᠰᠢᠶᠠ ᠡᠷᠬᠢᠯᠡᠪᠡ | ︵ᠰᠤᠷᠪᠤᠯᠵᠢᠯᠠᠭᠴᠢ ᠰᠦᠩ ᠰᠢᠶᠠᠩ ᠬᠤᠸᠠ︶ 2 ᠳ᠋ᠤᠭᠠᠷ ᠰᠠᠷ᠎ᠠ ᠶᠢᠨ 9 ᠤ ᠡᠳᠦᠷ᠂ ᠬᠤᠲᠠ ᠶᠢᠨ | ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 1 | ᠳ᠋ᠦ᠋ᠭᠡᠷ ᠤᠳᠠᠭ᠎ᠠ ᠶᠢᠨ ᠬᠤᠷᠠᠯ ᠬᠤᠷᠠᠯᠳᠤᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ | ᠹᠷᠣᠨᠲ ᠤᠨ ᠠᠵᠢᠯ ᠢ ᠴᠢᠩᠭᠠᠳᠬᠠᠵᠤ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠ ᠨᠠᠮ ᠤᠨ ᠲᠥᠪ | ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ 2021 ᠣᠨ ᠤ | ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ | ᠠᠵᠢᠯ ᠢ ᠴᠢᠩᠭᠠᠳᠬᠠᠵᠤ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠨᠢ᠂ ᠲᠥᠪ ᠬᠤᠲᠠ ᠶᠢᠨ ᠨᠢᠭᠡᠳᠦᠮᠡᠯ | ᠹᠷᠣᠨᠲ ᠤᠨ ᠠᠵᠢᠯ ᠢ ᠰᠠᠶᠢᠨ ᠬᠢᠬᠦ ᠳᠤ ᠦᠨᠳᠦᠰᠦᠨ ᠵᠢᠷᠤᠮᠯᠠᠯ ᠬᠠᠩᠭᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ | ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠤᠶᠠᠷ ᠢ ᠬᠦᠷᠢᠶᠡᠯᠡᠬᠦ︾ ᠤᠯᠤᠰ | ᠲᠥᠷᠥ ᠶᠢᠨ ᠥᠨᠳᠥᠷ ᠲᠤ ᠵᠣᠭᠰᠣᠨ᠂ ᠨᠢᠭᠡᠳᠦᠮᠡᠯ ᠹᠷᠣᠨᠲ ᠤᠨ ᠡᠨᠡ ᠬᠦ ᠴᠢᠬᠤᠯᠠ ᠡᠷᠳᠡᠨᠢ ᠶᠢᠨ ᠦᠢᠯᠡᠳᠦᠯ ᠳᠠᠬᠢ | ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠵᠢᠯᠣᠭᠤᠳᠤᠯᠭ᠎ᠠ ᠪᠠᠨ | ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠵᠤ᠂ ᠤᠯᠤᠰ ᠲᠥᠷᠥᠯ ᠤᠨ ᠰᠢᠨᠵᠢ ᠲᠡᠮᠳᠡᠭ ᠢ | ᠡᠵᠡᠮᠰᠢᠵᠦ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠡᠷᠡᠰ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡᠳᠦᠮᠡᠯ ᠹᠷᠣᠨᠲ ᠤᠨ ᠠᠵᠢᠯ ᠤᠨ ᠰᠢᠨᠵᠢᠯᠡᠬᠦ ᠤᠬᠠᠭᠠᠨ ᠤ ᠬᠢᠷᠢ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠤᠣᠯ ᠶᠡᠭᠡ ᠲᠠᠯ᠎ᠠ ᠳᠤ ᠦᠢᠯᠡᠴᠢᠯᠡᠬᠦ ᠳᠤᠮᠳᠠ ᠨᠢᠭᠡᠳᠦᠮᠡᠯ | ᠹᠷᠣᠨᠲ ᠤᠨ ᠦᠢᠯᠡᠳᠦᠯ ᠢ ᠦᠵᠡᠭᠦᠯᠬᠦ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠭᠤᠶᠢᠪᠢᠰᠢ ᠦᠭᠡᠢ ᠡᠷᠡᠰ ᠪᠠᠷᠢᠮᠲᠠᠯᠠᠨ ᠴᠢᠩᠭᠠᠳᠬᠠᠵᠤ᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠨᠠᠷᠢᠨ ᠬᠢᠨᠠᠮᠠᠭᠠᠢ | ᠰᠠᠶᠢᠨ ᠠᠳᠬᠤᠵᠤ᠂ ᠠᠵᠢᠯ ᠤᠨ ᠰᠤᠷᠲᠠᠯ ᠢᠶᠠᠨ ᠥᠭᠡᠷᠡᠴᠢᠯᠡᠬᠦ ᠶᠢ ᠨᠡᠩ ᠠᠩᠬᠠᠷᠴᠤ᠂ ᠨᠡᠩ | ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠠᠮ ᠤᠨ ᠬᠤᠷᠢᠶ᠎ᠠ ᠠᠴᠠ | ᠨᠢᠭᠡᠳᠦᠯᠲᠡᠢ ᠤᠳᠤᠷᠢᠳᠤᠭᠰᠠᠨ᠂ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ ᠠᠴᠠ ᠲᠣᠯᠣᠭᠠᠶᠢᠯᠠᠨ | ᠬᠠᠮᠵᠢᠯᠴᠠᠭᠰᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ ᠲᠠᠯ᠎ᠠ ᠠᠴᠠ ᠥᠪᠡᠷ ᠥᠪᠡᠷ ᠤᠨ | ᠬᠠᠷᠢᠭᠤᠴᠠᠯᠭ᠎ᠠ ᠠᠴᠠ ᠡᠭᠦᠷᠭᠡᠯᠡᠭᠰᠡᠨ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠬᠦᠴᠦᠲᠡᠢ ᠪᠤᠢ | ᠪᠣᠯᠭᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ | ᠬᠤᠲᠠ ᠶᠢᠨ ᠤᠳᠤᠷᠢᠳᠤᠯᠭ᠎ᠠ ᠭᠠᠩ ᠪᠥᠭᠡ᠂ ᠯᠢ ᠵᠢᠶᠦᠩ᠂ ᠦ᠋ ᠸᠧᠨ ᠮᠢᠩ᠂ ᠶᠦᠨ ᠰᠢᠨ ᠮᠢᠩ ᠵᠢᠴᠢ | ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ |