ᠸᠠᠩ ᠯᠢ ᠰᠢᠶᠠ  ᠠᠢ ᠯᠢ ᠬᠤᠸᠠ ᠴᠠᠭᠠᠨ ᠰᠠᠷ᠎ᠠ ᠶᠢᠨ ᠡᠮᠦᠨ᠎ᠡ ᠡᠳᠦᠷ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2021/2/10
      ︵ᠰᠤᠷᠪᠤᠯᠵᠢᠯᠠᠭᠴᠢ ᠹᠧᠩ ᠶᠠᠨ ᠫᠢᠩ︶ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠡᠮᠦᠨ᠎ᠡ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠡᠮᠴᠢ ᠰᠤᠪᠢᠯᠠᠭᠴᠢ᠂ ᠨᠠᠰᠤᠲᠠᠨ ᠤ ᠬᠦᠷᠢᠶᠡᠯᠡᠩ ᠤᠨ ᠨᠠᠰᠤᠲᠠᠳ᠂ ᠵᠡᠮᠳᠡᠭ ᠬᠥᠮᠥᠰ᠂ ᠬᠥᠳᠡᠯᠮᠦᠷᠢ ᠶᠢᠨ ᠵᠢᠱᠢᠶᠡᠴᠢ ᠵᠡᠷᠭᠡ ᠬᠥᠮᠥᠰ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠦ᠂ ᠣᠯᠠᠨ ᠳᠤ ᠰᠠᠷ᠎ᠠ ᠰᠢᠨ᠎ᠡ ᠶᠢᠨ ᠮᠡᠨᠳᠦ ᠬᠦᠷᠭᠡᠵᠡᠢ᠃      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠵᠡᠮᠳᠡᠭᠴᠦᠳ ᠤᠨ ᠬᠤᠯᠪᠣᠭ᠎ᠠ᠂ ᠠᠵᠢᠯᠴᠢᠨ ᠤ ᠶᠡᠷᠦᠩᠬᠡᠢ ᠡᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠣᠯᠭᠤᠭᠠᠨ ᠲᠣᠬᠤᠨᠢᠭᠤᠯᠬᠤ ᠳᠤ ᠣᠷᠣᠯᠴᠠᠪᠠ᠃      ᠬᠤᠲᠠ ᠶᠢᠨ ᠤᠳᠤᠷᠢᠳᠤᠯᠭ᠎ᠠ ᠦ᠋ ᠸᠧᠨ ᠮᠢᠩ᠂ ᠰᠢᠦᠢ ᠷᠦᠢ ᠰᠢᠶᠠ ᠵᠢᠴᠢ ᠮᠠᠨ ᠤ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠭᠤᠭᠠᠨ ᠲᠣᠬᠤᠨᠢᠭᠤᠯᠬᠤ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号