ᠭᠠᠯ ᠰᠡᠷᠭᠡᠶᠢᠯᠡᠬᠦ ᠪᠠᠶᠢᠴᠠᠭᠠᠯᠲᠠ ᠬᠢᠵᠦ ᠴᠠᠭᠠᠨ ᠰᠠᠷ᠎ᠠ ᠪᠠᠨ ᠤᠭᠲᠤᠶ᠎ᠠ
ᠨᠡᠶᠢᠲᠡᠯᠡᠭᠰᠡᠨ ᠴᠠᠭ᠄
2021/2/10
     2 ᠳ᠋ᠤᠭᠠᠷ ᠰᠠᠷ᠎ᠠ ᠶᠢᠨ 9 ᠤ ᠡᠳᠦᠷ᠂ ᠰᠢᠨ᠎ᠡ ᠬᠤᠲᠠ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨᠠᠯᠲᠠ ᠪᠠᠶᠢᠴᠠᠭᠠᠯᠲᠠ ᠶᠢᠨ ᠠᠵᠢᠯᠲᠠᠨ ᠪᠠᠭᠤᠳᠠᠯ ᠳᠤ ᠲᠣᠬᠢᠷᠠᠭᠤᠯᠤᠭᠰᠠᠨ ᠭᠠᠯ ᠤᠨᠲᠠᠷᠠᠭᠠᠬᠤ ᠤᠰᠤᠨ ᠬᠥᠭᠡᠷᠭᠡ ᠶᠢᠨ ᠭᠡᠷ ᠢ ᠪᠠᠶᠢᠴᠠᠭᠠᠪᠠ᠃      ᠴᠠᠭᠠᠨ ᠰᠠᠷ᠎ᠠ ᠣᠶᠢᠷᠠᠲᠤᠬᠤ ᠳᠤ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠰᠢᠭᠰᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠬᠠᠷᠢᠶ᠎ᠠ ᠣᠷᠣᠨ ᠤ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠪᠠᠭᠤᠳᠠᠯ᠂ ᠬᠤᠭᠤᠯᠠᠨ ᠭᠡᠷ ᠵᠡᠷᠭᠡ ᠭᠠᠵᠠᠷ ᠣᠷᠣᠨ ᠤ ᠭᠠᠯ ᠢ ᠰᠡᠷᠭᠡᠶᠢᠯᠡᠬᠦ ᠠᠶᠤᠯᠭᠦᠢ ᠶᠢᠨ ᠭᠡᠮ ᠰᠣᠭᠤᠭ ᠢ ᠰᠢᠭᠰᠢᠨ ᠪᠠᠶᠢᠴᠠᠭᠠᠵᠤ᠂ ᠠᠶᠤᠯᠭᠦᠢ ᠶᠢᠨ ᠭᠡᠮ ᠰᠣᠭᠤᠭ ᠢ ᠲᠡᠷᠡ ᠳᠠᠷᠤᠢ ᠳᠤᠨᠢ ᠠᠷᠢᠯᠭᠠᠨ᠂ ᠪᠠᠶᠠᠷ ᠤᠨ ᠡᠳᠦᠷ ᠤᠨ ᠠᠶᠤᠯᠭᠦᠢ ᠶᠢ ᠪᠠᠲᠤᠯᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠫᠧᠩ ᠶᠤᠸᠠᠨ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号