ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ ᠰᠢᠨ᠎ᠡ ᠬᠤᠲᠠ ᠲᠣᠭᠤᠷᠢᠭ ᠤᠨ ᠤᠳᠤᠷᠢᠳᠤᠯᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠡᠷᠭᠢᠨ ᠦᠵᠡᠵᠦ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2021/2/18
     2 ᠳ᠋ᠤᠭᠠᠷ ᠰᠠᠷ᠎ᠠ ᠶᠢᠨ 12 ᠤᠨ ᠡᠳᠦᠷ ᠪᠣᠯ ᠪᠢᠯᠢᠭ ᠤᠨ ᠤᠯᠠᠷᠢᠯ ᠤᠨ ᠴᠠᠭᠠᠭᠴᠢᠨ ᠦᠬᠡᠷ ᠵᠢᠯ ᠤᠨ ᠰᠢᠨ᠎ᠡ ᠶᠢᠨ ᠨᠢᠭᠡᠨ ᠪᠣᠯᠤᠨ᠎ᠠ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠧᠶ ᠬᠤᠩ ᠵᠢᠶᠦ᠋ᠨ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠹᠠᠨ ᡁᠢ ᠵᠥᠩ ᠪᠤᠯᠭᠤᠭᠠᠨ ᠲᠣᠬᠤᠨᠢᠭᠤᠯᠬᠤ ᠳᠤᠭᠤᠶᠢᠯᠠᠩ ᠳᠠᠭᠠᠭᠤᠯᠤᠨ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠪᠣᠯᠭᠤᠭᠠᠨ ᠲᠣᠬᠤᠨᠢᠭᠤᠯᠵᠤ᠂ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃
     ᠲᠣᠬᠤᠨᠢᠭᠤᠯᠬᠤ ᠳᠤᠭᠤᠶᠢᠯᠠᠩ ᠤᠨ ᠤᠳᠤᠷᠢᠳᠤᠯᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠠᠢ ᠨᠢᠭᠡᠳ ᠨᠢᠭᠡ ᠪᠠᠷ ᠭᠠᠷ ᠠᠳᠬᠤᠭᠰᠠᠨ ᠪᠥᠭᠡᠳ ᠲᠡᠳᠡᠨ ᠳᠤ ᠰᠢᠨ᠎ᠡ ᠶᠢᠨ ᠵᠣᠯᠭᠠᠯᠲᠠ ᠶᠢᠨ ᠪᠡᠯᠡᠭ ᠬᠦᠷᠭᠡᠵᠦ᠂ ᠲᠡᠳᠡᠨ ᠤ ᠪᠠᠶᠠᠷ ᠤᠨ ᠡᠳᠦᠷ ᠤᠨ ᠬᠤᠭᠤᠴᠠᠭᠠᠨ ᠳᠤ ᠮᠥᠨ ᠬᠦ ᠠᠵᠢᠯ ᠤᠨ ᠪᠠᠶᠢᠷᠢ ᠪᠠᠨ ᠪᠠᠲᠤ ᠰᠠᠬᠢᠵᠤ ᠂ ᠠᠷᠢᠭᠤᠨ ᠴᠡᠪᠡᠷ ᠬᠤᠲᠠ ᠶᠢᠨ ᠣᠷᠴᠢᠨ ᠲᠣᠭᠤᠷᠢᠨ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠲᠣᠬᠤᠨᠢᠭᠤᠯᠬᠤ ᠳᠤᠭᠤᠶᠢᠯᠠᠩ ᠤᠨ ᠬᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠳ ᠢ ᠠᠵᠢᠯ ᠤᠨ ᠳᠤᠮᠳᠠ ᠪᠠᠨ ᠠᠮᠤᠷ ᠲᠦᠪᠰᠢᠨ ᠢ ᠣᠨᠴᠠᠭᠠᠶᠢᠯᠠᠨ ᠠᠩᠬᠠᠷᠴᠤ᠂ ᠠᠮᠠᠪᠴᠢ ᠪᠠᠨ ᠰᠠᠶᠢᠲᠤᠷ ᠵᠡᠭᠦᠵᠦ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠬᠦ ᠶᠢ ᠵᠠᠬᠢᠵᠤ᠂ ᠲᠡᠳᠡᠨ ᠤ ᠬᠡᠷ ᠪᠦᠯᠢ ᠶᠢᠨ ᠬᠢᠨ ᠪᠠᠶᠠᠷ ᠬᠦᠷ ᠡᠶ᠎ᠡ ᠨᠠᠶᠢᠷᠠᠮᠳᠠᠭᠤ᠂ ᠠᠮᠤᠷ ᠠᠮᠤᠭᠤᠯᠠᠩ ᠡᠷᠡᠭᠦᠯ ᠮᠡᠨᠳᠦ ᠪᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠬᠦᠰᠡᠨ ᠵᠥᠩᠨᠡᠪᠡ᠃
      ᠲᠤᠭᠤᠷᠢᠭ ᠤᠨ ᠤᠳᠤᠷᠢᠳᠤᠯᠭ᠎ᠠ ᠯᠢᠦ ᠵᠤᠤ ᠵᠢᠶᠠᠩ᠂ ᠯᠢ ᠴᠢᠶᠠᠩ᠂ ᠤᠳᠤᠨ ᠲᠣᠬᠤᠨᠢᠭᠤᠯᠬᠤ ᠳᠤ ᠣᠷᠣᠯᠴᠠᠵᠠᠢ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号