ᠸᠠᠩ ᠯᠢ ᠰᠢᠶᠠ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ ᠨᠢᠭᠡᠳᠦᠭᠡᠷ ᠹᠷᠣᠨᠲ ᠲᠤ ᠠᠵᠢᠯ ᠤᠨ ᠪᠠᠶᠢᠷᠢ ᠪᠠᠨ ᠰᠠᠬᠢᠵᠤ ᠰᠠᠭᠤᠭ᠎ᠠ ᠠᠵᠢᠯᠴᠢᠨ ᠠᠵᠢᠯᠲᠠᠨ ᠢ ᠪᠣᠯᠭᠤᠭᠠᠨ ᠦᠵᠡᠪᠡ
ᠨᠡᠶᠢᠲᠡᠯᠡᠭᠰᠡᠨ ᠴᠠᠭ᠄
2021/2/18
      2 ᠳ᠋ᠤᠭᠠᠷ ᠰᠠᠷ᠎ᠠ ᠶᠢᠨ 12 ᠤᠨ ᠡᠳᠦᠷ᠂ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠦᠨᠳᠦᠰᠦᠨ ᠱᠠᠲᠤᠨ ᠳᠤ ᠭᠦᠨᠵᠡᠭᠡᠶᠢᠷᠡᠨ᠂ ᠨᠢᠭᠡᠳᠦᠭᠡᠷ ᠹᠷᠣᠨᠲ ᠲᠤ ᠠᠵᠢᠯ ᠤᠨ ᠪᠠᠶᠢᠷᠢ ᠪᠠᠨ ᠰᠠᠬᠢᠵᠤ ᠰᠠᠭᠤᠭ᠎ᠠ ᠮᠧᠲᠷᠤ᠋᠂ ᠨᠡᠶᠢᠲᠡ ᠶᠢᠨ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠠᠵᠢᠯᠲᠠᠨ ᠢ ᠪᠣᠯᠭᠤᠭᠠᠨ ᠦᠵᠡᠵᠦ᠂ ᠬᠤᠲᠠ ᠶᠢᠨ ᠳᠥᠷᠪᠡᠨ ᠤᠳᠤᠷᠢᠳᠬᠤ ᠪᠠᠭ ᠢ ᠲᠥᠯᠥᠭᠡᠯᠡᠨ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ  ᠪᠠ ᠰᠠᠷ᠎ᠠ ᠰᠢᠨ᠎ᠡ ᠶᠢᠨ ᠰᠠᠶᠢᠬᠠᠨ ᠵᠦᠩᠨᠡᠯ ᠢ  ᠲᠡᠪᠰᠢᠭᠦᠯᠪᠡ᠃      ᠬᠥᠬᠡᠬᠤᠲᠠ ᠶᠢᠨ ᠮᠧᠲᠷᠤ᠋ ᠶᠢᠨ ᠡᠵᠡᠮᠳᠡᠬᠦ ᠲᠥᠪ ᠲᠤ᠂ ᠸᠠᠩ ᠯᠢ ᠰᠢᠶᠠ ᠠᠵᠢᠯ ᠳᠠᠭᠠᠨ ᠵᠢᠳᠬᠦᠨ ᠠᠵᠢᠯ ᠤᠨ ᠪᠠᠶᠢᠷᠢ ᠪᠠᠨ ᠰᠠᠬᠢᠵᠤ ᠰᠠᠭᠤᠭ᠎ᠠ ᠨᠢᠭᠡᠳᠦᠭᠡᠷ ᠹᠷᠣᠨᠲ ᠤᠨ ᠠᠵᠢᠯᠴᠢᠨ ᠠᠵᠢᠯᠲᠠᠨ ᠳᠤ ᠰᠢᠨ᠎ᠡ ᠶᠢᠨ ᠮᠡᠨᠳᠦ ᠬᠦᠷᠭᠡᠨ᠂ ᠲᠡᠳᠡᠨ ᠤ ︽ᠶᠡᠭᠡ ᠭᠡᠷ ᠤᠨ ᠲᠥᠯᠥᠭᠡ ᠪᠠᠭ᠎ᠠ ᠭᠡᠷ ᠢᠶᠠᠨ ᠣᠭᠤᠷᠬᠤ︾ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠳᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠵᠦ᠂ ᠣᠯᠠᠨ ᠢ ᠴᠠᠭᠠᠨ ᠰᠠᠷ᠎ᠠ ᠶᠢᠨ ᠬᠤᠭᠤᠴᠠᠭᠠᠨ ᠤ ᠡᠯ᠎ᠡ ᠵᠦᠢᠯ ᠤᠨ ᠠᠵᠢᠯ ᠢᠶᠠᠨ ᠨᠠᠷᠢᠨ ᠬᠢᠨᠠᠮᠠᠭᠠᠢ ᠬᠢᠵᠦ᠂ ᠠᠶᠤᠯᠭᠦᠢ ᠶᠢ ᠴᠠᠭ ᠮᠥᠴᠡ ᠪᠦᠷᠢ ᠡᠷᠬᠢᠮᠯᠡᠵᠦ᠂ ᠥᠷᠭᠡᠨ ᠣᠯᠠᠨ ᠬᠤᠲᠠ ᠶᠢᠨ ᠠᠷᠠᠳ ᠲᠤ ᠠᠶᠤᠯᠭᠦᠢ᠂ ᠰᠢᠯᠤᠭᠤᠬᠠᠨ᠂ ᠳᠥᠭᠦᠮ ᠲᠥᠳᠡ᠂ ᠪᠣᠯᠪᠠᠰᠤᠨ ᠶᠠᠪᠤᠵᠤ ᠰᠠᠭᠤᠬᠤ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠵᠣᠷᠢᠭᠵᠢᠭᠤᠯᠵᠠᠢ᠃      ᠬᠥᠬᠡᠬᠤᠲᠠ ᠶᠢᠨ ᠨᠡᠶᠢᠲᠡ ᠶᠢᠨ ᠵᠠᠮ  ᠬᠠᠷᠢᠯᠴᠠᠭᠠᠨ ᠤ ᠭᠤᠷᠪᠠᠳᠤᠭᠠᠷ ᠺᠣᠮᠫᠠᠨᠢ ᠶᠢᠨ ᠬᠦᠷᠢᠶᠡᠨ ᠳᠤ᠂ ᠨᠡᠶᠢᠲᠡ ᠶᠢᠨ ᠮᠠᠰᠢᠨ ᠤ ᠬᠥᠳᠡᠯᠬᠦ ᠴᠠᠭ ᠢ ᠲᠠᠰᠤᠯᠳᠠᠯ ᠦᠭᠡᠢ ᠨᠡᠪᠲᠡᠷᠡᠭᠦᠯᠵᠦ᠂ ᠸᠠᠩ ᠯᠢ ᠰᠢᠶᠠ ᠲᠣᠬᠢᠷᠠᠭᠤᠯᠤᠯᠲᠠ ᠶᠢᠨ ᠲᠠᠰᠤᠭ᠂ ᠲᠠᠩᠭᠠᠷᠢᠭᠯᠠᠬᠤ ᠲᠠᠰᠤᠭ ᠪᠣᠯᠣᠨ ᠨᠡᠶᠢᠲᠡ ᠶᠢᠨ ᠵᠠᠮ ᠬᠠᠷᠢᠯᠴᠠᠭᠠᠨ ᠤ ᠠᠵᠢᠯᠲᠠᠳ ᠤᠨ ᠰᠢᠨ᠎ᠡ ᠶᠢ ᠡᠭᠦᠳᠬᠦ ᠠᠵᠢᠯ ᠤᠨ ᠲᠠᠰᠤᠭ ᠲᠤ ᠵᠢᠵᠢᠭᠦᠷᠯᠡᠵᠦ ᠪᠠᠶᠢᠭ᠎ᠠ ᠠᠵᠢᠯᠲᠠᠳ ᠲᠠᠢ ᠲᠤᠳᠤᠨᠤᠰᠤᠭ ᠢᠶᠠᠷ ᠶᠠᠷᠢᠯᠴᠠᠨ᠂ ᠠᠮᠠᠷᠠᠯᠲᠠ ᠶᠢᠨ ᠬᠤᠭᠤᠴᠠᠭᠠᠨ ᠤ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠢ ᠠᠰᠠᠭᠤᠨ ᠯᠠᠪᠯᠠᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃ ᠸᠠᠩ ᠯᠢ ᠰᠢᠶᠠ ᠵᠢᠭᠠᠬᠤ ᠳᠠᠭᠠᠨ᠂ ᠨᠡᠶᠢᠲᠡ ᠶᠢᠨ ᠮᠠᠰᠢᠨ ᠪᠣᠯ ᠬᠤᠲᠠ ᠶᠢᠨ ᠨᠢᠭᠡᠨ ᠬᠥᠳᠡᠯᠵᠦ ᠪᠠᠶᠢᠭ᠎ᠠ ᠦᠵᠡᠮᠵᠢ ᠮᠥᠨ᠂ ᠮᠥᠨᠴᠦ ᠨᠢᠭᠡ ᠬᠤᠲᠠ ᠶᠢᠨ ᠪᠣᠯᠪᠠᠰᠤᠨ ᠤ ᠢᠯᠡᠷᠡᠯ ᠮᠥᠨ᠂ ᠨᠡᠶᠢᠲᠡ ᠶᠢᠨ ᠵᠠᠮ ᠬᠠᠷᠢᠯᠴᠠᠭᠠᠨ ᠤ ᠹᠷᠣᠨᠲ ᠲᠤ ᠠᠵᠢᠯᠯᠠᠵᠤ ᠪᠠᠶᠢᠭ᠎ᠠ ᠥᠷᠭᠡᠨ ᠣᠯᠠᠨ ᠠᠵᠢᠯᠲᠠᠳ ᠥᠪᠡᠷ ᠤᠨ ᠬᠠᠵᠠᠭᠤᠳᠠᠭᠢ ᠳᠠᠭᠤᠷᠢᠶᠠᠯ ᠢᠶᠠᠷ ᠦᠯᠢᠭᠡᠷ ᠪᠣᠯᠭᠠᠨ᠂ ᠠᠵᠢᠯ ᠢᠶᠠᠨ ᠳᠡᠭᠡᠳᠦᠯᠡᠵᠦ᠂ ᠶᠡᠷᠦ ᠶᠢᠨ ᠤᠴᠢᠷ ᠢ ᠶᠡᠷᠦ ᠪᠤᠰᠤ ᠪᠣᠯᠭᠠᠨ ᠬᠢᠬᠦ ᠬᠡᠷᠡᠭᠲᠡᠢ᠃ ᠣᠶᠣᠨᠲᠣ ᠨᠡᠶᠢᠲᠡ ᠶᠢᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠳᠡᠭᠡᠷ᠎ᠡ ᠦᠷᠭᠦᠯᠵᠢᠯᠡᠨ ᠬᠦᠴᠦᠯᠡᠵᠦ᠂ ᠨᠡᠩ ᠰᠢᠨᠵᠢᠯᠡᠬᠦ ᠤᠬᠠᠭᠠᠨᠴᠢ ᠬᠠᠮᠢᠶᠠᠷᠤᠯᠲᠠ ᠪᠠᠷ ᠣᠯᠠᠨ ᠲᠦᠮᠡᠨ ᠤ ᠠᠶᠤᠯᠭᠦᠢ᠂ ᠰᠢᠭᠤᠳ ᠰᠢᠯᠤᠭᠤᠨ ᠶᠠᠪᠤᠵᠤ ᠰᠠᠭᠤᠬᠤ ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠪᠢ ᠰᠠᠢ ᠲᠠ ᠬᠤᠳᠠᠯᠳᠤᠭᠠᠨ ᠤ ᠶᠠᠪᠠᠭᠠᠨ ᠵᠡᠭᠡᠯᠢ ᠶᠢᠨ ᠠᠮᠢᠳᠤᠷᠠᠯ ᠤᠨ ᠬᠤᠭ ᠨᠣᠪᠰᠢ ᠶᠢ ᠰᠢᠯᠵᠢᠭᠦᠯᠦᠨ ᠵᠥᠭᠡᠭᠡᠪᠦᠷᠢᠯᠡᠬᠦ ᠥᠷᠲᠡᠭᠡᠨ ᠳᠤ᠂ ᠸᠠᠩ ᠯᠢ ᠰᠢᠶᠠ ᠠᠮᠠᠷᠠᠯᠲᠠ ᠶᠢᠨ ᠬᠤᠭᠤᠴᠠᠭᠠᠨ ᠤ ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠬᠦ ᠪᠠᠶᠢᠳᠠᠯ ᠢ ᠣᠶᠢᠯᠠᠭᠠᠵᠤ᠂ ︽ᠬᠤᠲᠠ ᠶᠢ ᠭᠤᠶᠣᠯᠠᠭᠴᠢ︾ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠣᠯᠠᠨ ᠤ ᠡᠳᠦᠷ ᠪᠦᠷᠢ ᠶᠡᠭᠡ ᠪᠠᠭ᠎ᠠ ᠵᠡᠭᠡᠯᠢ ᠭᠤᠳᠤᠮᠵᠢ ᠪᠠᠷ ᠶᠠᠪᠤᠵᠤ᠂ ᠴᠡᠪᠡᠷ ᠲᠣᠬᠢᠯᠢᠭ ᠬᠤᠲᠠ ᠣᠨᠴᠠᠭᠠᠶᠢᠯᠠᠨ ᠡᠷᠡᠭᠦᠯ ᠬᠠᠮᠠᠭᠠᠯᠠᠯ ᠤᠨ ᠬᠤᠲᠠ ᠶᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠵᠦ ᠪᠠᠶᠢᠭ᠎ᠠ ᠳᠤ ᠲᠠᠯᠠᠷᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠳ ᠢ ᠤᠯᠠᠮ ᠨᠢᠭᠡ ᠠᠯᠬᠤᠮ ᠬᠠᠶᠢᠷᠠᠯᠠᠨ ᠬᠠᠯᠠᠮᠵᠢᠯᠠᠵᠤ᠂ ᠪᠦᠬᠦ ᠨᠡᠶᠢᠭᠡᠮ ᠳᠤ ᠣᠷᠴᠢᠨ ᠲᠣᠭᠤᠷᠢᠨ ᠤ  ᠠᠷᠢᠭᠤᠨ ᠴᠡᠪᠡᠷ ᠤᠨ ᠠᠵᠢᠯ ᠢ ᠳᠡᠮᠵᠢᠭᠰᠡᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠳ ᠢ ᠬᠦᠨᠳᠦᠳᠬᠡᠭᠰᠡᠨ᠂ ᠬᠤᠲᠠ ᠶᠢᠨ ᠣᠷᠴᠢᠨ ᠲᠣᠭᠤᠷᠢᠨ ᠢ ᠬᠠᠮᠠᠭᠠᠯᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠵᠠᠬᠢᠪᠠ᠃      ᠬᠤᠲᠠ ᠶᠢᠨ ᠤᠳᠤᠷᠢᠳᠤᠯᠭ᠎ᠠ ᠾᠧ ᠬᠠᠢ ᠳ᠋ᠦᠩ᠂ ᠦ᠋ ᠸᠧᠨ ᠮᠢᠩ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号