ᠶᠦᠨ ᠵᠢᠶᠠᠨ ᠳ᠋ᠦᠩ ᠰᠦᠨ ᠵᠢᠶᠠᠨ ᠬᠤᠸᠠ ᠴᠠᠩ ᠫᠧᠢ ᠵᠦᠩ ᠪᠠᠢ ᠶᠦᠩ ᠫᠢᠩ ᠣᠷᠣᠯᠴᠠᠵᠤ ᠾᠧ ᠬᠠᠢ | ᠳ᠋ᠦᠩ ᠡᠷᠬᠢᠯᠡᠪᠡ | ︵ᠰᠤᠷᠪᠤᠯᠵᠢᠯᠠᠭᠴᠢ ᠹᠧᠩ ᠶᠠᠨ ᠫᠢᠩ︶ 2 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ | ᠯᠢ ᠰᠢᠶᠠ ᠪᠦᠬᠦ ᠬᠤᠲᠠ ᠶᠢᠨ ᠲᠡᠷᠢᠭᠦᠨ ᠤ ᠬᠢ ᠲᠠᠢ ᠬᠠᠷᠢᠴᠠᠭᠤᠯᠤᠨ ᠰᠤᠷᠲᠠᠯ ᠢᠶᠠᠨ ᠥᠭᠡᠷᠡᠴᠢᠯᠡᠵᠦ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠬᠥᠭᠵᠢᠯᠲᠡ ᠶᠢ ᠠᠬᠢᠭᠤᠯᠬᠤ ᠶᠡᠭᠡ ᠬᠤᠷᠠᠯ | ᠳᠡᠭᠡᠷ᠎ᠡ ᠴᠢᠬᠤᠯᠠᠴᠢᠯᠠᠭᠰᠠᠨ ᠨᠢ᠂ ᠵᠣᠭᠰᠣᠴᠠ ᠪᠠᠨ ᠳᠡᠭᠡᠭᠰᠢᠯᠡᠭᠦᠯᠵᠦ᠂ ᠥᠪᠡᠷ ᠲᠡᠭᠡᠨ ᠳᠠᠷᠤᠭᠠᠰᠤ ᠨᠡᠮᠡᠵᠦ᠂ | ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠳᠡᠭᠡᠳᠦ | ᠬᠡᠮᠵᠢᠶ᠎ᠡ ᠪᠠᠷ ᠡᠷᠡᠰ ᠨᠢᠭᠡᠳᠬᠡᠵᠦ᠂ ︽ᠵᠢᠷᠭᠤᠭᠠᠨ ᠵᠦᠢᠯ ᠤᠨ ᠤᠳᠤᠷᠢᠳᠤᠮᠵᠢ︾ ᠶᠢ ᠶᠡᠬᠡᠪᠡᠷ ᠴᠢᠩᠭᠠᠳᠬᠠᠨ ︽ | ᠵᠢᠷᠭᠤᠭᠠᠨ ᠠᠰᠠᠭᠤᠳᠠᠯ︾ ᠢ ᠰᠢᠢᠳᠪᠦᠷᠢᠯᠡᠵᠦ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠲᠥᠪ ᠬᠤᠲᠠ ᠳᠤ ᠡᠷᠡᠰ ᠲᠠᠰᠤᠷᠬᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠬᠡᠷᠡᠭᠲᠡᠢ ᠭᠡᠵᠡᠢ᠃ | ᠸᠠᠩ ᠯᠢ ᠰᠢᠶᠠ ᠴᠢᠬᠤᠯᠠᠴᠢᠯᠠᠬᠤ ᠳᠠᠭᠠᠨ᠂ ᠴᠠᠭᠠᠨ ᠰᠠᠷ᠎ᠠ ᠶᠢᠨ ᠳᠠᠷᠠᠭ᠎ᠠ ᠠᠵᠢᠯ ᠡᠬᠢᠯᠡᠭᠰᠡᠨ ᠨᠢᠭᠡᠳᠦᠭᠡᠷ | ᠡᠳᠦᠷ ᠸᠢᠳᠢᠣ᠋ ᠮᠠᠶ᠋ᠢᠭ ᠢᠶᠠᠷ ᠮᠢᠩᠭᠠᠨ ᠬᠥᠮᠥᠨ ᠤ ᠶᠡᠭᠡ ᠬᠤᠷᠠᠯ ᠢ ᠬᠤᠷᠠᠯᠳᠤᠭᠤᠯᠤᠭᠰᠠᠨ ᠨᠢ᠂ ᠪᠦᠬᠦ ᠣᠷᠣᠨ ᠤ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠢ ᠶᠡᠬᠡᠪᠡᠷ ᠠᠳᠬᠤᠬᠤ᠂ ᠣᠷᠴᠢᠨ ᠨᠥᠬᠦᠴᠡᠯ ᠢ | ᠶᠡᠬᠡᠪᠡᠷ ᠠᠳᠬᠤᠬᠤ ᠡᠷᠡᠰ ᠲᠠᠰᠤᠷᠬᠠᠢ ᠣᠪᠣᠷ ᠢᠶᠠᠨ ᠲᠣᠳᠣᠷᠬᠠᠶᠢᠯᠠᠨ᠂ ︽ᠲᠡᠷᠢᠭᠦᠨ ᠤ ᠬᠢ︾ ᠳᠤ ᠠᠩᠬᠠᠷᠤᠯ ᠢᠶᠠᠨ | ᠬᠠᠨᠳᠤᠭᠤᠯᠵᠤ᠂ ︽ᠦᠴᠦᠬᠡᠨ ᠴᠦ ᠠᠭᠤᠴᠢᠯᠠᠬᠤ ᠦᠭᠡᠢ︾ ᠳᠤ ᠠᠩᠬᠠᠷᠤᠯ ᠢᠶᠠᠨ ᠬᠠᠨᠳᠤᠭᠤᠯᠵᠤ᠂ ︽ᠦᠨᠡᠨ | ᠴᠡᠭᠴᠡᠯᠡᠨ ᠰᠠᠶᠢᠵᠢᠷᠠᠭᠤᠯᠬᠤ︾ ᠳᠤ ᠠᠩᠬᠠᠷᠤᠯ ᠢᠶᠠᠨ ᠬᠠᠨᠳᠤᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠪᠦᠬᠦ ᠬᠤᠲᠠ ᠶᠢᠨ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠰᠢᠨ᠎ᠡ ᠨᠢᠭᠡᠨ ᠵᠢᠯ ᠳᠡᠭᠡᠨ ᠠᠵᠢᠯ ᠤᠨ | ᠬᠠᠷᠢᠭᠤᠴᠠᠯᠭ᠎ᠠ ᠪᠠᠨ ᠭᠦᠢᠴᠡᠳᠬᠡᠨ ᠪᠤᠶᠠᠨ ᠦᠢᠯᠡᠳᠬᠦ ᠡᠭᠦᠷᠭᠡᠯᠡᠯ ᠢᠶᠠᠷ ᠬᠦᠴᠢᠷ ᠪᠡᠷᠬᠡ ᠶᠢ ᠢᠯᠠᠨ᠂ ᠭᠠᠪᠰᠢᠭᠠᠶᠢᠯᠠᠨ | ᠤᠷᠤᠭᠰᠢᠯᠠᠵᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠣᠷᠭᠢᠯᠤᠮ᠎ᠠ ᠰᠡᠳᠬᠢᠯᠭᠡ ᠪᠠᠷ ᠦᠷᠭᠦᠯᠵᠢᠯᠡᠨ ᠲᠡᠮᠡᠴᠡᠵᠦ | ᠦᠷᠭᠦᠯᠵᠢᠯᠡᠨ ᠢᠯᠠᠵᠤ᠂ ᠰᠢᠨ᠎ᠡ ᠳᠦᠷᠰᠦ ᠪᠠᠶᠢᠳᠠᠯ᠂ ᠰᠢᠨ᠎ᠡ ᠰᠤᠷᠲᠠᠯ ᠢᠶᠠᠷ ᠲᠥᠪ ᠬᠤᠲᠠ ᠶᠢᠨ ︽ᠠᠷᠪᠠᠨ | ᠳᠥᠷᠪᠡᠳᠦᠭᠡᠷ ᠲᠠᠪᠤᠨ ᠵᠢᠯ︾ ᠢᠶᠠᠨ ᠰᠠᠶᠢᠬᠠᠨ ᠡᠬᠢᠯᠡᠭᠦᠯᠵᠦ᠂ ᠡᠬᠢᠨ ᠤ ᠠᠯᠬᠤᠭ᠎ᠠ ᠪᠠᠨ ᠰᠠᠶᠢᠬᠠᠨ ᠠᠯᠬᠤᠬᠤ ᠭᠡᠰᠡᠨ | ᠶᠤᠮ ᠭᠡᠵᠡᠢ᠃ | ᠸᠠᠩ ᠯᠢ ᠰᠢᠶᠠ ᠴᠢᠬᠤᠯᠠᠴᠢᠯᠠᠬᠤ ᠳᠠᠭᠠᠨ᠂ ᠴᠠᠭ ᠢᠮᠠᠭᠲᠠ ᠤᠯᠤᠰ ᠲᠥᠷᠥ ᠶᠢ ᠡᠷᠬᠢᠮᠯᠡᠬᠦ᠂ ᠪᠠᠭ᠎ᠠ | ᠵᠦᠢᠯ ᠳᠤ ᠴᠤ ᠤᠯᠤᠰ ᠲᠥᠷᠥ ᠶᠢ ᠡᠷᠬᠢᠮᠯᠡᠬᠦ ᠤᠳᠤᠷᠢᠳᠤᠮᠵᠢ ᠶᠢ ᠶᠡᠬᠡᠪᠡᠷ ᠴᠢᠩᠭᠠᠳᠬᠠᠵᠤ᠂ ᠤᠯᠤᠰ ᠲᠥᠷᠥ ᠶᠢ | ᠤᠮᠳᠤᠭᠠᠶᠢᠯᠠᠬᠤ ᠪᠠ ᠰᠤᠯᠠᠷᠠᠭᠤᠯᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ︔ ᠨᠢᠭᠡ ᠨᠠᠰᠤ ᠪᠠᠷ ᠢᠶᠠᠨ | ᠰᠤᠷᠤᠯᠴᠠᠬᠤ ᠤᠳᠤᠷᠢᠳᠤᠮᠵᠢ ᠶᠢ ᠶᠡᠬᠡᠪᠡᠷ ᠴᠢᠩᠭᠠᠳᠬᠠᠵᠤ᠂ ︽ᠴᠢᠳᠠᠪᠤᠷᠢ ᠶᠢᠨ ᠭᠡᠯᠮᠡᠭᠳᠡᠯ᠂ ᠴᠢᠳᠠᠪᠤᠷᠢ ᠬᠦᠷᠦᠯᠴᠡᠬᠦ | ᠦᠭᠡᠢ︾ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ︔ ᠪᠢᠲᠡᠭᠦᠦ ᠴᠠᠭᠠᠷᠢᠭ ᠢᠶᠠᠷ ᠨᠠᠶᠢᠳᠠᠪᠤᠷᠢᠵᠢᠭᠤᠯᠬᠤ | ᠤᠳᠤᠷᠢᠳᠤᠮᠵᠢ ᠶᠢ ᠶᠡᠬᠡᠪᠡᠷ ᠴᠢᠩᠭᠠᠳᠬᠠᠵᠤ᠂ ᠠᠵᠢᠯ ᠬᠡᠷᠡᠭᠵᠢᠭᠦᠯᠦᠯᠲᠡ ᠶᠢᠨ ︽ᠬᠦᠴᠦ ᠦᠭᠡᠢ︾ ᠠᠰᠠᠭᠤᠳᠠᠯ ᠢ | ᠬᠦᠴᠦᠯᠡᠨ ᠰᠢᠢᠳᠪᠦᠷᠢᠯᠡᠬᠦ ᠬᠡᠷᠡᠭᠲᠡᠢ︔ ᠵᠣᠷᠢᠭᠲᠠᠢ ᠬᠠᠷᠢᠭᠤᠴᠠᠬᠤ ᠤᠳᠤᠷᠢᠳᠤᠮᠵᠢ ᠶᠢ ᠶᠡᠬᠡᠪᠡᠷ ᠴᠢᠩᠭᠠᠳᠬᠠᠵᠤ᠂ | ᠠᠯᠪᠠ ᠬᠠᠰᠢᠵᠤ ᠬᠠᠰᠢ ᠶᠠᠰᠢ ᠬᠠᠨᠳᠤᠬᠤ᠂ ᠰᠢᠯᠲᠠᠭ ᠳᠤᠷᠠᠳᠤᠨ ᠬᠠᠷᠢᠯᠴᠠᠨ ᠲᠦᠯᠬᠢᠯᠴᠡᠬᠦ ᠠᠰᠠᠭᠤᠳᠠᠯ ᠢ | ᠬᠦᠴᠦᠯᠡᠨ ᠰᠢᠢᠳᠪᠦᠷᠢᠯᠡᠬᠦ ᠬᠡᠷᠡᠭᠲᠡᠢ︔ ᠠᠷᠠᠳ ᠲᠦᠮᠡᠨ ᠢᠶᠠᠷ ᠭᠤᠣᠯ ᠪᠣᠯᠭᠠᠬᠤ ᠤᠳᠤᠷᠢᠳᠤᠮᠵᠢ ᠶᠢ ᠶᠡᠬᠡᠪᠡᠷ | ᠴᠢᠩᠭᠠᠳᠬᠠᠵᠤ᠂ ᠵᠣᠷᠢᠯᠲᠠ ᠶᠢᠨ ᠦᠵᠡᠯᠲᠡ ᠰᠤᠯᠠᠷᠠᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ︔ | ᠬᠥᠮᠥᠨ ᠪᠦᠬᠦᠨ ᠴᠦᠮ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠬᠥᠮᠥᠨ ᠪᠦᠬᠦᠨ ᠴᠦᠮ ᠲᠥᠪ | ᠬᠤᠲᠠ ᠶᠢᠨ ᠳᠦᠷᠰᠦ ᠪᠠᠶᠢᠳᠠᠯ ᠲᠠᠢ ᠬᠤᠯᠪᠣᠭ᠎ᠠ ᠲᠠᠢ ᠤᠳᠤᠷᠢᠳᠤᠮᠵᠢ ᠶᠢ ᠶᠡᠬᠡᠪᠡᠷ ᠴᠢᠩᠭᠠᠳᠬᠠᠵᠤ᠂ ᠬᠠᠤᠯᠢ ᠪᠠᠷ | ᠵᠠᠰᠠᠬᠤ ᠦᠵᠡᠯ ᠤᠬᠠᠮᠰᠠᠷ ᠳᠤᠲᠠᠬᠤ᠂ ᠬᠥᠭᠵᠢᠯᠲᠡ ᠶᠢᠨ ᠣᠷᠴᠢᠨ ᠨᠥᠬᠦᠴᠡᠯ ᠰᠢᠯᠢᠳᠡᠭ ᠪᠤᠰᠤ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠤᠯᠤᠰ | ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ ᠶᠡᠷᠦᠩᠬᠡᠢ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠴᠢᠩᠭ᠎ᠠ | ᠰᠠᠶᠢᠨ ᠬᠢᠬᠦ ᠬᠡᠷᠡᠭᠲᠡᠢ ᠭᠡᠵᠡᠢ᠃ | ᠸᠠᠩ ᠯᠢ ᠰᠢᠶᠠ ᠴᠢᠬᠤᠯᠠᠴᠢᠯᠠᠬᠤ ᠳᠠᠭᠠᠨ᠂ ᠵᠥᠪ ᠲᠠᠯ᠎ᠠ ᠶᠢᠨ ᠤᠷᠮᠠᠰᠢᠭᠤᠯᠬᠤ ᠤᠳᠤᠷᠢᠳᠤᠮᠵᠢ ᠶᠢ | ᠲᠣᠳᠣᠷᠬᠠᠢ ᠪᠤᠢ ᠪᠣᠯᠭᠠᠵᠤ᠂ ᠪᠤᠷᠤᠭᠤ ᠶᠢ ᠠᠭᠤᠴᠢᠯᠠᠬᠤ ᠪᠤᠷᠤᠭᠤ ᠶᠢ ᠵᠠᠯᠠᠷᠠᠭᠤᠯᠬᠤ ᠵᠠᠭᠠᠭ ᠢ ᠲᠣᠳᠣᠷᠬᠠᠢ ᠵᠢᠷᠤᠵᠤ᠂ | ᠡᠰᠡᠷᠭᠦ ᠵᠦᠭ ᠠᠴᠠ ᠬᠢᠵᠠᠭᠠᠷᠯᠠᠬᠤ ᠶᠣᠰᠣ ᠵᠢᠷᠤᠮ ᠢ ᠲᠣᠳᠣᠷᠬᠠᠢ ᠴᠢᠩᠳᠠᠯᠠᠵᠤ᠂ ᠡᠭᠦᠷᠭᠡᠯᠡᠯ ᠲᠠᠢ ᠬᠥᠮᠥᠨ ᠳᠤ | ᠡᠭᠦᠷᠭᠡᠯᠡᠵᠦ᠂ ᠬᠠᠷᠢᠭᠤᠴᠠᠯᠭ᠎ᠠ ᠲᠠᠢ ᠬᠥᠮᠥᠨ ᠳᠤ ᠬᠠᠷᠢᠭᠤᠴᠠᠵᠤ᠂ ᠪᠣᠳᠠᠲᠠᠢ ᠬᠢᠳᠡᠭ ᠬᠥᠮᠥᠨ ᠳᠤ ᠲᠦᠰᠢᠭ ᠪᠣᠯᠵᠤ᠂ | ᠰᠢᠨ᠎ᠡ ᠡᠭᠦᠷᠭᠡᠯᠡᠯ ᠢ ᠬᠡᠪ ᠰᠤᠷᠲᠠᠯ ᠪᠣᠯᠭᠠᠨ᠂ ᠰᠢᠨ᠎ᠡ ᠠᠮᠵᠢᠯᠲᠠ ᠪᠠᠷ ᠳᠦᠭᠦᠷᠡᠩ ᠪᠣᠯᠵᠤ᠂ ᠰᠢᠯᠢᠳᠡᠭ ᠬᠢᠷᠢ | ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠤᠭᠲᠤᠬᠤ ᠬᠡᠷᠡᠭᠲᠡᠢ ᠭᠡᠵᠡᠢ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠶᠦᠨ ᠵᠢᠶᠠᠨ ᠳ᠋ᠦᠩ᠂ | ᠰᠦᠨ ᠵᠢᠶᠠᠨ ᠬᠤᠸᠠ᠂ ᠴᠠᠩ ᠫᠧᠢ ᠵᠦᠩ᠂ ᠪᠠᠢ ᠶᠦᠩ ᠫᠢᠩ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ | ᠬᠤᠷᠠᠯ ᠢ ᠡᠷᠬᠢᠯᠡᠭᠰᠡᠨ ᠪᠥᠭᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠪᠣᠳᠠᠲᠠᠢ ᠱᠠᠭᠠᠷᠳᠠᠯᠭ᠎ᠠ | ᠳᠤᠷᠠᠳᠴᠠᠢ᠃ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠳᠡᠳ᠋ ᠲᠢᠩᠬᠢᠮ ᠤᠨ ᠲᠡᠰ ᠠᠴᠠ ᠳᠡᠭᠡᠭᠰᠢᠬᠢ | ᠤᠳᠤᠷᠢᠳᠤᠯᠭ᠎ᠠ᠂ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠡᠯ᠎ᠡ ᠬᠤᠰᠢᠭᠤ ᠰᠢᠶᠠᠨ | ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ | ᠲᠣᠬᠢᠷᠠᠭᠤᠯᠪᠠ᠃ | ᠬᠤᠷᠠᠯ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ | ᠬᠡᠷᠡᠭᠵᠢᠬᠦᠯᠬᠦ ᠲᠠᠯ᠎ᠠ ᠠᠴᠠ ᠮᠠᠨ ᠤ ᠬᠤᠲᠠ ᠶᠢᠨ ᠣᠳᠣᠬᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤ | ᠣᠷᠣᠰᠢᠵᠤ ᠪᠠᠶᠢᠭ᠎ᠠ ᠠᠰᠠᠭᠤᠳᠠᠯ ᠵᠢᠴᠢ ᠳᠤᠲᠠᠭᠳᠠᠯ ᠢ ᠮᠡᠳᠡᠭᠡᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ |