ᠮᠠᠨ ᠤ ᠬᠤᠲᠠ ᠰᠤᠷᠭᠠᠭᠤᠯᠢ ᠶᠢᠨ ᠲᠦᠷᠢᠮᠳᠤ ᠬᠤᠪᠴᠠᠰᠤᠨ ᠤ ᠵᠠᠬ᠎ᠠ ᠳᠡᠯᠬᠡᠬᠦᠷ ᠢ ᠵᠢᠷᠤᠮᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/2/19
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ  ︵ᠰᠤᠷᠪᠤᠵᠢᠯᠠᠭᠴᠢ ᠨᠠᠪᠴᠢ︶ ᠨᠢᠳᠤᠨᠤᠨ ᠠᠴᠠ ᠨᠠᠭᠠᠰᠢ᠂ ᠬᠦᠬᠡᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠰᠤᠷᠤᠭᠴᠢ ᠶᠢᠨ ᠰᠤᠷᠭᠠᠭᠤᠯᠢ ᠶᠢᠨ ᠲᠦᠷᠢᠮᠳᠤ ᠬᠤᠪᠴᠠᠰᠤᠨ ᠤ ᠳᠤᠰᠬᠠᠢ ᠴᠡᠭᠴᠡᠯᠡᠯᠳᠡ ᠶᠢᠨ ᠠᠵᠢᠯ ᠢ ᠲᠦᠪᠯᠡᠷᠡᠬᠦᠯᠦᠨ ᠦᠷᠨᠢᠬᠦᠯᠵᠦ᠂ ᠰᠤᠷᠭᠠᠭᠤᠯᠢ ᠶᠢᠨ ᠲᠦᠷᠢᠮᠳᠦ ᠬᠤᠪᠴᠠᠰᠤᠨ ᠤ ᠵᠠᠬ᠎ᠠ ᠳᠡᠯᠬᠡᠬᠦᠷ ᠢ ᠤᠯᠠᠮ ᠴᠢᠨᠠᠭᠰᠢᠳᠠ ᠵᠢᠷᠤᠮᠵᠢᠭᠤᠯᠵᠤ ᠪᠠᠶᠢᠨ᠎ᠠ᠃      ᠪᠦᠬᠦ ᠬᠤᠲᠠ ᠶᠢᠨ ᠰᠤᠷᠤᠭᠴᠢ ᠶᠢᠨ ᠰᠤᠷᠭᠠᠭᠤᠯᠢ ᠶᠢᠨ ᠳᠦᠷᠢᠮᠲᠦ ᠬᠤᠪᠴᠠᠰᠤᠨ ᠤ ᠵᠠᠬ᠎ᠠ ᠳᠡᠯᠭᠡᠭᠦᠷ ᠢ ᠵᠢᠷᠤᠮᠵᠢᠭᠤᠯᠬᠤ ᠶᠢᠨ ᠲᠦᠯᠦᠬᠡ᠂ ᠬᠦᠬᠡᠬᠤᠳᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠬᠠᠮᠢᠶ᠎ᠠ ᠪᠦᠬᠦᠢ ᠬᠡᠷᠡᠭᠵᠢᠭᠦᠯᠬᠦ ᠰᠠᠨᠠᠯ ᠳᠤᠷᠠᠳᠴᠤ᠂ ᠰᠤᠷᠭᠠᠭᠤᠯᠢ ᠠᠴᠠ ᠰᠤᠷᠭᠠᠭᠤᠯᠢ ᠶᠢᠨ ᠲᠦᠷᠢᠮᠳᠤ ᠬᠤᠪᠴᠠᠰᠤ ᠦᠢᠯᠡᠳᠪᠦᠷᠢᠯᠡᠬᠦ ᠠᠵᠤ ᠠᠬᠤᠶᠢᠯᠠᠯ ᠢ ᠰᠤᠩᠭᠤᠬᠤ ᠳᠠᠭᠠᠨ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠪᠦᠷᠢᠨ᠂ ᠦᠢᠯᠡᠳᠬᠦᠨ ᠤ ᠶᠠᠰᠤ ᠴᠢᠨᠠᠷ ᠢᠶᠠᠷ ᠰᠠᠶᠢᠨ᠂ ᠨᠡᠶᠢᠬᠡᠮ ᠤᠨ ᠢᠳᠡᠬᠡᠮᠵᠢ ᠰᠠᠶᠢᠨ ᠠᠵᠤ ᠠᠬᠤᠶᠢᠯᠠᠯ ᠢ ᠰᠤᠩᠭᠤᠪᠠᠯ ᠵᠣᠬᠢᠨ᠎ᠠ ᠬᠡᠵᠦ ᠱᠠᠭᠠᠷᠳᠠᠭᠰᠠᠨ ᠪᠠᠶᠢᠨ᠎ᠠ᠃ ᠰᠤᠷᠭᠠᠭᠤᠯᠢ ᠡᠷᠬᠡᠪᠰᠢ ᠰᠤᠷᠭᠠᠭᠤᠯᠢ ᠶᠢᠨ ᠲᠦᠷᠢᠮᠳᠤ ᠬᠤᠪᠴᠠᠰᠤ ᠦᠢᠯᠡᠳᠪᠦᠷᠢᠯᠡᠬᠦ ᠠᠵᠤ ᠠᠬᠤᠢᠢᠯᠠᠯ ᠲᠠᠢ ᠰᠤᠷᠭᠠᠭᠤᠯᠢ ᠶᠢᠨ ᠬᠤᠪᠴᠠᠰᠤ ᠬᠤᠳᠠᠯᠳᠤᠨ ᠠᠪᠬᠤ ᠭᠡᠷ᠎ᠡ ᠳᠤᠭᠳᠠᠬᠤ ᠶᠢᠨ ᠬᠠᠮᠳᠤ ᠰᠤᠷᠭᠠᠭᠤᠯᠢ ᠶᠢᠨ ᠢᠯᠡ ᠵᠡᠷᠯᠠᠬᠤ ᠳᠠᠪᠴᠠᠩ ᠪᠤᠶᠤ ᠰᠦᠯᠵᠢᠶᠡᠨ ᠳᠡᠭᠡᠷ᠎ᠡ ᠰᠤᠷᠭᠠᠭᠤᠯᠢ ᠶᠢᠨ ᠲᠦᠷᠢᠮᠳᠤ ᠬᠤᠪᠴᠠᠰᠤ ᠬᠤᠳᠠᠯᠳᠤᠨ ᠠᠪᠤᠭᠰᠠᠨ ᠪᠠᠶᠢᠳᠠᠯ ᠢᠶᠠᠨ ᠢᠯᠡ ᠨᠡᠶᠢᠳᠡᠯᠡᠵᠦ᠂ ᠤᠬᠠᠮᠰᠠᠷ ᠠᠴᠠ ᠪᠠᠨ ᠭᠡᠷ ᠤᠨ ᠠᠬᠠᠮᠠᠳ᠂ ᠨᠡᠶᠢᠬᠡᠮ ᠤᠨ ᠬᠢᠨᠠᠯᠲᠠ ᠶᠢ ᠬᠦᠯᠢᠶᠡᠬᠦ ᠬᠡᠷᠡᠭᠳᠡᠢ᠃ ᠰᠤᠷᠭᠠᠭᠤᠢ ᠶᠢᠨ ᠲᠦᠷᠢᠮᠳᠤ ᠬᠤᠪᠴᠠᠰᠤᠨ ᠤ ᠦᠨ᠎ᠡ ᠬᠠᠩᠰᠢ ᠶᠢᠨ ᠬᠠᠮᠢᠶᠠᠷᠤᠯᠳᠠ ᠶᠢ ᠳᠡᠬᠦᠯᠳᠡᠷᠵᠢᠬᠦᠯᠬᠦ ᠶᠢᠨ ᠲᠦᠯᠦᠬᠡ᠂ ᠮᠠᠨ ᠤ ᠬᠤᠲᠠ ᠰᠤᠷᠤᠭᠴᠢ ᠶᠢᠨ ᠰᠤᠷᠭᠠᠭᠤᠯᠢ ᠶᠢᠨ ᠲᠦᠷᠢᠮᠳᠤ ᠬᠤᠪᠴᠠᠰᠤᠨ ᠤ ᠰᠦᠢᠳᠬᠡᠯ ᠢ ᠰᠤᠷᠤᠭᠴᠢ ᠶᠢᠨ ᠰᠠᠶᠢᠨ ᠳᠤᠷ᠎ᠠ ᠪᠠ ᠠᠰᠢᠭ ᠤᠯᠬᠤ ᠪᠤᠰᠤ ᠵᠠᠷᠴᠢᠮ ᠢᠶᠠᠷ ᠬᠤᠷᠢᠶᠠᠵᠤ᠂ ᠬᠤᠲᠠ ᠶᠢᠨ ᠬᠦᠭᠵᠢᠬᠦᠯᠦᠯᠳᠡ ᠥᠭᠡᠷᠡᠴᠢᠯᠡᠯᠲᠡ ᠶᠢᠨ ᠵᠥᠪᠯᠡᠯ᠂ ᠬᠤᠳᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠰᠦᠢᠳᠬᠡᠯ ᠬᠤᠷᠢᠶᠠᠬᠤ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠡᠪᠴᠢᠶ᠎ᠡ ᠠᠴᠠ ᠬᠡᠲᠦᠷᠡᠨ᠂ ᠪᠠᠷᠢᠮᠵᠢᠶ᠎ᠠ ᠠᠴᠠ ᠬᠡᠲᠦᠷᠡᠨ ᠰᠦᠢᠳᠬᠡᠯ ᠬᠤᠷᠢᠶᠠᠬᠤ ᠶᠢ ᠴᠢᠩᠭ᠎ᠠ ᠬᠤᠷᠢᠭᠯᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号