ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠸ᠎ᠠ︶ 1 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ︽ | ᠪᠦᠷᠢᠨ ᠴᠢᠳᠠᠮᠵᠢᠲᠤ ᠺᠠᠷᠲ︾ ᠢᠶᠠᠷ ᠳᠠᠮᠵᠢᠨ 14950.13 ᠲᠦᠮᠡᠨ ᠲᠥᠭᠦᠷᠢᠭ ᠤᠨ ᠨᠥᠬᠦᠪᠦᠷᠢ ᠮᠥᠩᠭᠦ ᠲᠠᠷᠬᠠᠭᠠᠪᠠ᠃ ᠡᠭᠦᠨ ᠳᠤ ᠲᠠᠷᠢᠶᠠᠴᠢᠳ ᠲᠤ | ᠤᠯᠭᠤᠭᠰᠠᠨ ᠨᠥᠬᠦᠪᠥᠷᠢ ᠮᠥᠩᠭᠦ 13086.88 ᠲᠦᠮᠡᠨ ᠲᠥᠭᠦᠷᠢᠭ ᠪᠠᠶᠢᠵᠤ᠂ 87.54% ᠶᠢ ᠡᠵᠡᠯᠡᠵᠦ᠂ ᠬᠤᠲᠠ ᠪᠠᠯᠭᠠᠰᠤᠨ ᠤ ᠰᠠᠭᠤᠭᠠᠯᠢ | ᠠᠷᠠᠳ ᠲᠤ ᠤᠯᠭᠤᠭᠰᠠᠨ ᠨᠥᠬᠦᠪᠥᠷᠢ ᠮᠥᠩᠭᠦ 1863.26 ᠲᠦᠮᠡᠨ ᠲᠥᠭᠦᠷᠢᠭ ᠪᠠᠶᠢᠵᠤ᠂ 12.46% ᠶᠢ ᠡᠵᠡᠯᠡᠵᠡᠢ᠃ | 1 ᠰᠠᠷ᠎ᠠ ᠳᠤ ᠲᠠᠷᠬᠠᠭᠠᠭᠰᠠᠨ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢᠨ ᠳᠣᠲᠣᠷ᠎ᠠ᠂ ᠭᠤᠤᠯᠳᠠᠭᠤ ᠨᠡᠶᠢᠭᠡᠮ ᠤᠨ ᠪᠠᠲᠤᠯᠠᠭ᠎ᠠ ᠶᠢᠨ ᠲᠥᠷᠥᠯ᠂ | ᠴᠠᠯᠢᠩ ᠤᠨ ᠨᠥᠬᠦᠪᠦᠷᠢ ᠶᠢᠨ ᠲᠥᠷᠥᠯ᠂ ᠣᠶ ᠰᠢᠭᠤᠶ ᠶᠢᠨ ᠲᠥᠷᠥᠯ᠂ ᠲᠥᠯᠥᠪᠯᠡᠭᠡᠲᠦ ᠦᠷᠡᠵᠢᠯ ᠤᠨ ᠨᠥᠬᠦᠪᠥᠷᠢ᠂ ᠪᠥᠲᠥᠭᠡᠨ ᠪᠠᠶᠢᠭᠤᠯᠤᠯᠲᠠ ᠶᠢᠨ | ᠲᠥᠷᠥᠯ ᠤᠨ ᠨᠥᠬᠦᠪᠥᠷᠢ᠂ ᠮᠠᠯ ᠠᠵᠤ ᠠᠬᠤᠢ ᠶᠢᠨ ᠲᠥᠷᠥᠯ ᠵᠡᠷᠭᠡ ᠵᠢᠷᠭᠤᠭᠠᠨ ᠶᠡᠭᠡ ᠠᠷᠠᠳ ᠤᠨ ᠠᠮᠢᠳᠤᠷᠠᠯ ᠤᠨ ᠲᠥᠷᠥᠯ ᠤᠨ ᠨᠥᠬᠦᠪᠦᠷᠢ ᠮᠥᠩᠭᠦ | ᠪᠠᠭᠳᠠᠵᠤ ᠪᠤᠢ᠃ ᠡᠳᠡᠭᠡᠷ ᠨᠥᠬᠦᠪᠦᠷᠢ ᠮᠥᠩᠭᠦ ᠨᠢ ᠪᠦᠬᠦ ᠬᠤᠲᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ | ᠬᠤᠯᠪᠤᠭᠳᠠᠵᠤ᠂ 327133 ᠬᠥᠮᠦᠨ ᠤᠳᠠᠭ᠎ᠠ ᠳᠤ ᠲᠠᠷᠬᠠᠭᠠᠪᠠ᠂ ᠡᠭᠦᠨ ᠳᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠤᠯᠬᠤ ᠡᠲᠡᠭᠡᠳ | 20948 ᠬᠥᠮᠦᠨ ᠪᠠᠶᠢᠵᠤ᠂ 6.4% ᠶᠢ ᠡᠵᠡᠯᠡᠨ᠂ ᠬᠥᠳᠡᠭᠡ | ᠲᠣᠰᠬᠤᠨ ᠤ 306185 ᠬᠥᠮᠦᠨ ᠤᠳᠠᠭ᠎ᠠ ᠪᠠᠶᠢᠵᠤ᠂ 93.6% ᠶᠢ ᠡᠵᠡᠯᠡᠪᠡ᠃ ᠪᠠᠯᠠ ᠮᠥᠩᠭᠦ ᠶᠢᠨ ᠨᠥᠬᠦᠪᠥᠷᠢ ᠶᠢᠨ ᠲᠥᠷᠥᠯ ᠵᠦᠢᠯ ᠨᠡᠶᠢᠲᠡ 9 | ᠬᠦᠷᠢᠶ᠎ᠡ ᠴᠠᠷᠠᠭ᠎ᠠ ᠳᠠᠬᠢ 36 ᠲᠥᠷᠥᠯ ᠤᠨ 48 ᠵᠦᠢᠯ ᠪᠤᠢ᠃ |