ᠬᠦᠬᠡᠬᠤᠳᠠ ᠶᠢᠨ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠭᠤᠣᠯᠳᠠᠯᠭ᠎ᠠ ᠲᠠᠢ ᠲᠥᠷᠥᠯ ᠵᠦᠢᠯ ᠤᠨ ᠲᠦᠪᠯᠡᠷᠡᠬᠦᠯᠤᠨ ᠭᠡᠷ᠎ᠡ ᠲᠤᠭᠳᠠᠵᠤ ᠪᠡᠯᠡᠤᠷᠤᠭᠤᠯᠤᠬᠰᠠᠨ ᠶᠠᠷᠤᠩᠬᠡᠢ ᠬᠡᠮᠵᠢᠶ᠎ᠡ 1118.4 ᠳ᠋ᠦᠩᠰᠢᠭᠤᠷ ᠲᠦᠬᠦᠷᠢᠭ ᠲᠤ ᠬᠦ᠊
ᠨᠡᠶᠢᠲᠡᠯᠡᠭᠰᠡᠨ ᠴᠠᠭ᠄
2021/2/2
      ︵ᠰᠤᠷᠪᠤᠯᠵᠢᠯᠠᠬᠴᠢ ᠬᠤᠸᠠᠩ ᠫᠦ᠋ ᠰᠢᠦ ᠯᠢᠩ︶ 1 ᠰᠠᠷ᠎ᠠ ᠶᠢᠨ 31 ᠤ ᠡᠳᠤᠷ᠂ ᠬᠥᠬᠡᠬᠤᠲᠠ ᠶᠢᠨ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ  ᠠᠪᠴᠢᠷᠠᠬᠤ ᠭᠤᠣᠯᠳᠠᠯᠭ᠎ᠠ ᠲᠠᠢ ᠲᠦᠷᠤᠯ ᠵᠦᠢᠯ ᠤᠨ ᠲᠥᠪᠯᠡᠷᠡᠭᠦᠯᠦᠨ ᠭᠡᠷ᠎ᠡ ᠲᠤᠭᠳᠠᠵᠤ ᠪᠡᠯᠡ ᠮᠥᠩᠭᠦ ᠤᠷᠤᠭᠤᠯᠤᠨ ᠠᠪᠴᠢᠷᠠᠬᠤ ᠶᠤᠰᠤᠯᠠᠯ ᠦᠪᠡᠳᠡᠭᠰᠢ ᠶᠡᠭᠡ ᠪᠠᠷ ᠶᠠᠪᠤᠭᠳᠠᠵᠤ᠂ ᠬᠥᠬᠡᠬᠤᠲᠠ ᠶᠢᠨ ᠵᠠᠰᠠᠭ ᠤᠨ ᠣᠷᠳᠣᠨ᠂ ᠥᠪᠥᠷ ᠮᠣᠩᠭᠤᠯ ᠤᠨ ᠬᠤᠷᠢᠨᠬᠡᠷ ᠰᠢᠨ᠎ᠡ ᠲᠤᠭᠤᠷᠢᠬ ᠵᠢᠴᠢ ᠬᠥᠬᠡᠬᠤᠲᠠ ᠶᠢᠨ ᠡᠯ᠎ᠡ ᠬᠤᠰᠢᠭᠤ ᠰᠢᠶᠠᠨ ᠲᠤᠭᠤᠷᠢᠬ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ 47 ᠠᠵᠤ ᠠᠬᠤᠢᠢᠯᠠᠯ ᠲᠠᠢ ᠪᠠᠶᠢᠯᠳᠤᠬᠤ ᠪᠣᠳᠣᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ ᠲᠤᠬᠢᠷᠠᠯᠴᠠᠵᠤ᠂ ᠨᠡᠶᠢᠳᠠ 1118.4 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ ᠣᠷᠣᠭᠤᠯᠣᠨ ᠠᠪᠴᠢᠷᠠᠵᠠᠢ᠃     ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠤᠷᠤᠯᠴᠠᠪᠠ᠃      2021 ᠤᠨ ᠪᠤᠯ ᠬᠥᠬᠡᠬᠤᠲᠠ ᠶᠢᠨ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠲᠦᠷᠤᠯ ᠵᠦᠢᠯ ᠢ ᠨᠠᠶᠢᠳᠠᠪᠤᠷᠢᠵᠢᠭᠤᠯᠬᠤ ᠵᠢᠯ ᠮᠦᠨ᠂ ᠬᠥᠬᠡᠬᠤᠲᠠ ᠶᠢᠨ ᠬᠢᠨ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠦᠬᠦᠳᠠ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠵᠤ᠂ ᠪᠦᠬᠦ ᠬᠤᠳᠠ ᠶᠢᠨ ︽ᠠᠷᠠᠯᠵᠢᠶᠠᠴᠢᠨ ᠤᠷᠢᠬᠤ ᠲᠦᠷᠤᠯ ᠵᠦᠢᠯ ᠢ ᠨᠠᠶᠢᠳᠠᠪᠤᠷᠢᠵᠢᠭᠤᠯᠬᠤ ᠤᠨ︾ ᠤ ᠬᠠᠷᠠᠯᠳᠠ ᠶᠢᠨ ᠱᠠᠭᠠᠷᠳᠠᠯᠭ᠎ᠠ ᠪᠠᠷ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠤᠢᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠨᠡᠶᠢᠬᠡᠮ ᠤᠨ ᠬᠢᠨ ᠠᠷᠠᠯᠵᠢᠶᠠᠴᠢᠨ ᠤᠷᠢᠬᠤ ᠠᠵᠢᠯᠯᠠᠭ᠎ᠠ ᠶᠢ ᠶᠡᠭᠡ ᠪᠠᠷ ᠦᠷᠨᠢᠬᠦᠯᠵᠤ᠂ ᠵᠦᠪᠳᠡᠯᠴᠡᠭᠡ ᠬᠢᠬᠦ᠂ ᠭᠡᠷ᠎ᠡ ᠲᠤᠬᠳᠠᠬᠤ ᠠᠴᠠ ᠨᠠᠶᠢᠳᠠᠪᠤᠷᠢᠵᠢᠭᠤᠯᠬᠤ᠂ ᠠᠰᠢᠬᠯᠠᠯᠳᠠ ᠳᠤ ᠤᠷᠤᠭᠤᠯᠬᠤ ᠪᠦᠬᠦ ᠶᠠᠪᠤᠴᠠ ᠳᠤ ᠲᠠᠭᠠᠨ ᠤᠢᠢᠯᠡᠴᠢᠯᠡᠬᠦ ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠲᠦᠷᠤᠯ ᠵᠦᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠤ ᠪᠠᠷ ᠠᠬᠢᠭᠤᠯᠵᠤ᠂ ︽ᠠᠷᠪᠠᠨ ᠲᠦᠷᠪᠡᠳᠤᠭᠡᠷ ᠲᠠᠪᠤᠨ ᠵᠢᠯ︾ ᠤᠨ ᠬᠤᠭᠤᠴᠠᠭᠠᠨ ᠤ ᠬᠥᠬᠡᠬᠤᠲᠠ ᠶᠢᠨ ᠠᠵᠤ ᠠᠬᠤᠢ ᠨᠡᠶᠢᠬᠡᠮ ᠤᠨ ᠬᠥᠭᠵᠢᠯᠲᠡ ᠶᠢ ᠰᠠᠶᠢᠨ ᠡᠬᠢᠯᠡᠯᠳᠠ ᠲᠠᠢ ᠪᠤᠯᠭᠠᠵᠦ ᠪᠤᠢ᠃ ᠡᠨᠡ ᠤᠳᠠᠭ᠎ᠠ ᠶᠢᠨ ᠭᠡᠷ᠎ᠡ ᠲᠤᠭᠳᠠᠬᠰᠠᠨ ᠲᠦᠷᠤᠯ ᠵᠦᠢᠯ ᠨᠢ ᠮᠠᠯ ᠠᠵᠤ ᠠᠬᠤᠢ ᠲᠠᠷᠢᠶᠠᠯᠠᠩ᠂ ᠲᠤᠮᠤ ᠳ᠋ᠠᠶᠢᠲ᠋ᠠ ᠡᠬᠦᠯᠠᠨ ᠪᠤᠳᠤᠯᠳᠠ᠂ ᠰᠢᠨ᠎ᠡ ᠮᠠᠲ᠋ᠧᠷᠢᠶᠠᠯ᠂ ᠠᠮᠢᠳᠤ ᠪᠤᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠂ ᠤᠳᠤ ᠦᠶ᠎ᠡ ᠶᠢᠨ ᠡᠨᠧᠷᠬᠢ ᠬᠢᠮᠢ ᠶᠢᠨ ᠠᠵᠤ ᠤᠢᠢᠯᠡᠳᠪᠤᠷᠢ᠂ ᠤᠳᠤ ᠦᠶ᠎ᠡ ᠶᠢᠨ ᠤᠢᠢᠯᠡᠴᠢᠯᠡᠬᠡᠨ ᠤ ᠤᠢᠢᠯᠡᠰ ᠵᠡᠷᠬᠡ ᠤᠯᠠᠨ ᠬᠦᠷᠢᠶ᠎ᠡ ᠴᠠᠷᠠᠭ᠎ᠠ ᠶᠢ ᠬᠠᠮᠤᠷᠴᠠᠢ᠂ ᠡᠨᠡ ᠨᠢ ᠬᠥᠬᠡᠬᠤᠲᠠ ᠶᠢᠨ ᠰᠢᠨ᠎ᠡ ᠪᠠᠷ ᠮᠠᠨᠳᠤᠬᠰᠠᠨ ᠠᠵᠤ ᠤᠢᠢᠯᠡᠰ ᠤᠨ ᠬᠡᠯᠬᠢᠶ᠎ᠡ ᠶᠢ ᠦᠷᠬᠡᠳᠬᠡᠬᠦ᠂ ᠲᠠᠪᠠᠭᠤᠯᠢᠬ ᠠᠵᠤ ᠤᠢᠢᠯᠡᠰ ᠤᠨ ᠴᠤᠭᠯᠠᠷᠠᠯ ᠢ ᠲᠦᠷᠬᠡᠳᠬᠡᠬᠦ᠂ ᠠᠵᠤ ᠠᠬᠤᠢ ᠶᠢᠨ ᠬᠥᠭᠵᠢᠯᠲᠡ ᠶᠢᠨ ᠨᠦᠬᠡᠴᠠ ᠬᠦᠴᠤᠨ ᠨᠢ ᠨᠡᠮᠡᠭᠳᠡᠬᠦᠯᠬᠦ ᠳᠤ ᠲᠤᠶᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号