ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/2
ᠵᠠᠩ ᠪᠠᠢ ᠴᠧᠩ ᠡᠷᠬᠢᠯᠡᠵᠦ ᠯᠥᠸᠧ ᠴᠢᠩ ᠣᠷᠣᠯᠴᠠᠪᠠ      ︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 30 ᠤ ᠣᠷᠣᠢ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2020 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠲᠤᠰᠬᠠᠢ ᠲᠥᠷᠥᠯ ᠢᠶᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ᠂ ᠦᠵᠡᠯᠲᠡ ᠲᠠᠨᠢᠯᠲᠠ ᠪᠠᠨ ᠭᠦᠨᠵᠡᠭᠡᠶᠢᠷᠡᠭᠦᠯᠦᠨ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ︽ᠳᠥᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ ᠪᠠᠲᠤᠳᠬᠠᠨ᠂ ︽ᠳᠥᠷᠪᠡᠨ ᠢᠲᠡᠭᠡᠯ︾ ᠢᠶᠠᠨ ᠴᠢᠩᠭᠠᠳᠬᠠᠵᠤ᠂ ︽ᠬᠤᠶᠠᠷ ᠢ ᠬᠦᠷᠢᠶᠡᠯᠡᠵᠦ︾᠂ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠰᠠᠶᠢᠬᠠᠨ ᠬᠢᠬᠦ ᠳᠤ ᠰᠠᠭᠤᠷᠢ ᠶᠢ ᠰᠠᠶᠢᠨ ᠲᠠᠯᠪᠢᠵᠤ᠂ ᠰᠠᠶᠢᠨ ᠪᠡᠯᠡᠳᠬᠡᠬᠦ ᠬᠡᠷᠡᠭᠲᠡᠢ ᠭᠡᠵᠡᠢ᠃      ᠵᠠᠩ ᠪᠠᠢ ᠴᠧᠩ ᠵᠢᠭᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ᠂ ᠲᠤᠭ ᠲᠡᠮᠳᠡᠭ ᠲᠣᠳᠣᠷᠬᠠᠢ᠂ ᠠᠭᠤᠯᠭ᠎ᠠ ᠪᠠᠷ ᠪᠠᠶᠠᠯᠢᠭ᠂  ᠢᠳᠡ ᠬᠦᠴᠦ ᠲᠠᠢ᠂ ᠣᠶᠤᠨ ᠢ ᠨᠡᠭᠡᠭᠡᠭᠳᠡᠭᠦᠯᠵᠦ᠂ ᠥᠩᠭᠡᠷᠡᠭᠰᠡᠨ ᠨᠢᠭᠡ ᠵᠢᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠣᠯᠣᠭᠰᠠᠨ ᠰᠢᠨ᠎ᠡ ᠴᠢᠬᠤᠯᠠ ᠶᠡᠭᠡ ᠦᠷ᠎ᠡ ᠪᠦᠲᠦᠮᠵᠢ ᠶᠢ ᠭᠦᠢᠴᠡᠳ ᠨᠤᠲᠠᠯᠠᠭᠰᠠᠨ ᠢᠶᠠᠷ ᠪᠠᠷᠠᠬᠤ ᠦᠭᠡᠢ᠂ ᠪᠠᠰᠠ ᠳᠠᠷᠠᠭᠠᠴᠢ ᠶᠢᠨ ᠨᠢᠭᠡ ᠬᠡᠰᠡᠭ ᠬᠤᠭᠤᠴᠠᠭᠠᠨ ᠤ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠳᠤ ᠰᠢᠨ᠎ᠡ ᠪᠠᠶᠢᠷᠢᠯᠠᠭᠤᠯᠤᠯᠲᠠ ᠬᠢᠵᠦ᠂ ᠰᠢᠨ᠎ᠡ ᠱᠠᠭᠠᠷᠳᠠᠯᠭ᠎ᠠ ᠳᠤᠷᠠᠳᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠴᠦᠰ ᠲᠤᠨᠢ ᠲᠤᠯᠲᠠᠯ᠎ᠠ ᠶᠠᠪᠤᠭᠤᠯᠬᠤ ᠡᠷᠡᠰ‌ᠵᠣᠷᠢᠭ ᠢ ᠬᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨ ᠲᠡᠶᠢᠰᠢ ᠬᠥᠭᠵᠢᠭᠦᠯᠬᠦ ᠴᠢᠬᠤᠯᠠ ᠵᠢᠷᠤᠮᠯᠠᠯ ᠪᠣᠯᠣᠨ᠎ᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠳ ᠭᠦᠨᠵᠡᠭᠡᠢ ᠰᠤᠷᠤᠯᠴᠠᠨ ᠣᠶᠢᠯᠠᠭᠠᠵᠤ᠂ ᠣᠬᠢ ᠰᠣᠳᠣ ᠴᠢᠬᠤᠯᠠ ᠠᠭᠤᠯᠭ᠎ᠠ ᠶᠢ ᠡᠵᠡᠮᠰᠢᠵᠦ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠦᠨ᠂ ᠴᠢᠩᠭ᠎ᠠ ᠬᠠᠷᠢᠴᠠᠭᠤᠯᠤᠨ ᠬᠠᠷᠭᠤᠭᠤᠯᠵᠤ᠂ ᠥᠪᠡᠷ ᠢ ᠪᠠᠨ  ᠪᠠᠭᠲᠠᠭᠠᠨ ᠣᠷᠣᠭᠤᠯᠵᠤ᠂ ᠠᠵᠢᠯ ᠢᠶᠠᠨ  ᠪᠠᠭᠲᠠᠭᠠᠨ ᠣᠷᠣᠭᠤᠯᠵᠤ᠂ ᠬᠡᠵᠢᠶᠡᠳᠡ ᠵᠠᠮ ᠳᠠᠭᠠᠨ ᠪᠠᠶᠢᠬᠤ ᠬᠠᠳᠠᠨ ᠵᠣᠷᠢᠭ ᠪᠠ ᠰᠢᠨᠲᠠᠷᠠᠰᠢ ᠦᠭᠡᠢ ᠢᠲᠡᠭᠡᠯ ᠵᠣᠷᠢᠭ ᠢᠶᠠᠷ᠂ ︽ᠴᠢᠩᠭ᠎ᠠ︾ ᠦᠰᠦᠭ ᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨ ᠲᠡᠶᠢᠰᠢ ᠬᠥᠭᠵᠢᠭᠦᠯᠬᠦ ᠶᠢ ᠭᠤᠶᠢᠪᠢᠰᠢ ᠦᠭᠡᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ  ᠨᠠᠮ ᠪᠠᠶᠢᠭᠤᠯᠤᠭᠳᠠᠭᠰᠠᠨ 100 ᠵᠢᠯ ᠤᠨ ᠣᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ  ᠤᠨ ᠪᠣᠯᠣᠨ᠎ᠠ᠂ ᠮᠡᠨ ᠤ ᠤᠯᠤᠰ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠶᠢᠯ ᠤᠨ ᠣᠨᠴᠠᠭᠠᠢ᠂ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ᠃ ᠪᠠᠭ ᠤᠨ ᠭᠡᠰᠢᠭᠦᠳ ︽ᠵᠠᠩᠭᠢᠯᠠᠭ᠎ᠠ ᠶᠢᠨ ᠴᠥᠭᠡᠨ ᠲᠤᠭ᠎ᠠ︾ ᠶᠢᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠣᠯ᠂ ᠪᠦᠬᠦ ᠨᠠᠮ ᠤᠨ ᠭᠤᠣᠯ ᠪᠠᠶᠢᠷᠢ ᠰᠠᠭᠤᠷᠢ ᠶᠢ ᠤᠬᠠᠮᠰᠠᠷ ᠠᠴᠠ ᠪᠠᠨ ᠡᠷᠡᠰ ᠬᠦᠷᠢᠶᠡᠯᠡᠵᠦ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠭᠦᠯᠦᠭᠰᠡᠨ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠦᠷᠢᠶᠡᠯᠡᠬᠦ ᠳᠡᠭᠡᠷ᠎ᠡ ᠳᠠᠭᠤᠷᠢᠶᠠᠯ ᠪᠣᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠰᠢᠭᠤᠷᠬᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠣᠨᠣᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ᠤᠯᠤᠰ ᠲᠥᠷᠥ ᠶᠢᠨ ᠡᠭᠦᠷᠭᠡ ᠬᠠᠷᠢᠭᠤᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠵᠣᠬᠢᠶᠠᠨ ᠪᠠᠶᠢᠭᠤᠯᠤᠭᠴᠢ ᠪᠠ ᠠᠬᠢᠭᠤᠯᠤᠭᠴᠢ ᠶᠢᠨ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠦᠴᠢᠷ ᠪᠡᠷᠬᠡ ᠲᠠᠢ ᠵᠣᠷᠢᠭᠲᠠᠢ ᠲᠤᠯᠵᠤ᠂ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ ᠪᠦᠲᠦᠭᠡᠬᠦ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠴᠧᠩ ᠮᠢᠨ᠂ ᠸᠠᠩ ᠬᠤᠤ ᠯᠧᠢ᠂ ᠰᠢᠦᠢ ᠷᠦᠢ ᠰᠢᠶᠠ᠂ ᠪᠢ ᠭᠥᠸᠧ ᠴᠧᠨ᠂ ᠮᠠᠤ ᠪᠣᠣ ᠹᠧᠩ᠂ ᠶᠦᠨ ᠰᠢᠨ ᠮᠢᠩ᠂ ᠴᠢᠶᠥᠥ ᠶᠦᠨ ᠯᠢ᠂ ᠵᠠᠩ ᠭᠥᠸᠧ ᠫᠢᠩ ᠨᠠᠷ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠡᠳᠦᠪ ᠲᠠᠢ ᠤᠶᠠᠯᠳᠤᠭᠤᠯᠵᠤ᠂ ᠦᠵᠡᠯ ᠰᠠᠨᠠᠭ᠎ᠠ ᠪᠠ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠪᠠ᠃      ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号