ᠤᠷᠢᠶᠠᠯᠠᠭ᠎ᠠ ᠶᠢ ᠲᠠᠭᠠᠨ  ᠪᠠᠶᠢᠭ᠎ᠠ ᠭᠠᠵᠠᠷ ᠲᠤ ᠪᠠᠨ ᠴᠠᠭᠠᠨ ᠰᠠᠷ᠎ᠠ ᠪᠠᠨ ᠥᠩᠭᠡᠷᠡᠭᠡᠶ᠎ᠡ
ᠨᠡᠶᠢᠲᠡᠯᠡᠭᠰᠡᠨ ᠴᠠᠭ᠄
2021/2/2
      ᠲᠦᠷᠦᠭᠦᠬᠡᠨ᠂ ᠰᠢᠨ᠎ᠡ ᠬᠤᠲᠠ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠬᠥᠳᠡᠯᠮᠦᠷᠢ ᠶᠢᠨ ᠬᠢᠨᠠᠨ ᠪᠠᠶᠢᠴᠠᠭᠠᠬᠤ ᠶᠡᠭᠡ ᠠᠩᠭᠢ ᠬᠥᠬᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠶᠢᠷᠢ ᠶᠢ ᠥᠭᠡᠷᠡᠴᠢᠯᠡᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠠᠵᠠᠷ ᠬᠦᠷᠴᠦ᠂ 2021 ᠣᠨ ᠤ ᠴᠠᠭᠠᠨ ᠰᠠᠷ᠎ᠠ ᠶᠢᠨ ︽ᠬᠠᠶᠢᠷ᠎ᠠ ᠬᠠᠯᠠᠮᠵᠢ ᠬᠦᠷᠭᠡᠬᠦ︾ ᠲᠣᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃       ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠨᠢ ᠲᠤᠰ ᠭᠠᠵᠠᠷ ᠲᠠᠭᠠᠨ ᠴᠠᠭᠠᠨ ᠰᠠᠷ᠎ᠠ ᠥᠩᠭᠡᠷᠡᠭᠡᠬᠦ ᠠᠵᠢᠯᠴᠢᠳ ᠲᠤ 130 ᠬᠥᠪᠦᠩ ᠲᠡᠪᠡᠯ ᠬᠦᠷᠭᠡᠵᠦ᠂ ᠬᠠᠮᠲᠤ ᠳᠤᠨᠢ ᠪᠠᠰᠠ ᠬᠤᠣᠰ ᠤᠶᠠᠩᠭ᠎ᠠ᠂ ᠠᠮᠠᠪᠴᠢ ᠵᠡᠷᠭᠡ ᠲᠣᠬᠤᠨᠢᠭᠤᠯᠭ᠎ᠠ ᠶᠢᠨ ᠪᠣᠳᠠᠰ ᠬᠦᠷᠭᠡᠪᠡ᠃ ᠵᠤᠵᠠᠭᠠᠨ ᠬᠥᠪᠦᠩ ᠳᠡᠪᠡᠯ ᠢ ᠡᠮᠦᠰᠦᠭᠰᠡᠨ  ᠠᠵᠢᠯᠴᠢᠳ ᠤᠨ ᠴᠢᠷᠠᠢ ᠳᠤ ᠪᠠᠶᠠᠷ ᠤᠨ ᠮᠦᠰᠢᠶᠡᠯ ᠲᠤᠳᠤᠷᠠᠵᠤ᠂ ᠤᠷᠢᠶᠠᠯᠠᠭ᠎ᠠ ᠶᠢ ᠲᠠᠭᠠᠨ  ᠪᠠᠶᠢᠭ᠎ᠠ ᠭᠠᠵᠠᠷ ᠲᠠᠭᠠᠨ ᠰᠠᠨᠠᠭ᠎ᠠ ᠠᠮᠤᠷ ᠴᠠᠭᠠᠨ ᠰᠠᠷ᠎ᠠ ᠪᠠᠨ ᠥᠩᠭᠡᠷᠡᠭᠡᠨ᠎ᠡ ᠭᠡᠵᠡᠭᠡᠵᠦ ᠪᠠᠶᠢᠯ᠎ᠠ᠃ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号