ᠬᠥᠳᠡᠯᠮᠦᠷᠢ ᠶᠢᠨ ᠵᠢᠱᠢᠶᠡᠴᠢ ᠶᠢᠨ ᠰᠠᠶᠢᠬᠠᠨ ᠦᠢᠯᠡ ᠠᠵᠢᠯᠯᠠᠭ᠎ᠠ
ᠨᠡᠶᠢᠲᠡᠯᠡᠭᠰᠡᠨ ᠴᠠᠭ᠄
2021/2/2
     ᠣᠶᠢᠷ᠎ᠠ ᠳᠤ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠬᠠᠨ ᠵᠢᠶᠠ ᠲᠦᠩ ︵ᠪᠠᠷᠠᠭᠤᠨ ᠠᠴᠠ ᠨᠢᠭᠡᠳᠦᠭᠡᠷ︶ ᠰᠠᠶᠢᠨ ᠳᠤᠷ᠎ᠠ ᠶᠢᠨ ᠦᠢᠯᠡᠴᠢᠯᠡᠭᠡ ᠶᠢᠨ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠤᠨ ᠨᠢᠭᠡ ᠪᠦᠯᠦᠭ ᠠᠮᠠᠪᠴᠢ᠂ ᠪᠠᠺᠲ᠋ᠧᠷᠢ ᠠᠯᠠᠬᠤ ᠭᠠᠷ ᠤᠬᠢᠶᠠᠬᠤ ᠰᠢᠩᠭᠡᠨ ᠵᠡᠷᠭᠡ ᠬᠢᠵᠢᠭ ᠢ ᠰᠡᠷᠭᠡᠶᠢᠯᠡᠬᠦ ᠡᠳ᠋ ᠪᠣᠳᠠᠰ ᠴᠤᠭᠯᠠᠭᠤᠯᠵᠤ᠂ ᠢᠦᠢ ᠴᠢᠣᠸᠠᠨ ᠲᠣᠭᠤᠷᠢᠭ ᠤᠨ ᠪᠠᠭ᠎ᠠ ᠵᠤᠤ ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠶᠢᠨ ᠲᠠᠪᠤᠨ ᠰᠤᠪᠤᠷᠭ᠎ᠠ ᠡᠮᠦᠨ᠎ᠡ ᠵᠡᠭᠡᠯᠢ ᠶᠢᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠲᠤ ᠬᠦᠷᠭᠡᠵᠡᠢ᠃ ᠡᠭᠦᠨ ᠤ ᠬᠠᠮᠲᠤ᠂ ᠠᠵᠢᠯ ᠤᠨ ᠳᠤᠭᠤᠶᠢᠯᠠᠩ ᠤᠨ ᠬᠢᠨ ᠲᠠᠪᠤᠨ ᠰᠤᠪᠤᠷᠭ᠎ᠠ ᠡᠮᠦᠨ᠎ᠡ ᠵᠡᠭᠡᠯᠢ ᠶᠢᠨ ᠨᠡᠶᠢᠭᠡᠮ ᠲᠣᠭᠤᠷᠢᠭ ᠤᠨ ᠵᠣᠣ ᠳ᠋ᠢᠩ ᠢ᠂ ᠳ᠋ᠦᠩ ᠭᠠᠩ ᠵᠡᠷᠭᠡ 10 ︵ᠡᠷᠦᠬᠡ︶ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠬᠢᠭᠡᠳ ᠬᠦᠴᠢᠷᠳᠡᠯᠲᠡᠢ ᠭᠡᠷ ᠪᠦᠯᠢ ᠶᠢ ᠪᠣᠯᠭᠤᠭᠠᠨ ᠲᠣᠬᠤᠨᠢᠭᠤᠯᠵᠠᠢ᠃ ᠬᠠᠨ ᠵᠢᠶᠠ ᠲᠥᠩ ᠪᠠᠰᠠ ᠥᠪᠡᠷ ᠤᠨ ᠣᠯᠣᠭᠰᠠᠨ ︽ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ︾ ᠶᠢᠨ ᠬᠤᠪᠢ ᠬᠥᠮᠥᠨ ᠤ 5000 ᠲᠥᠭᠦᠷᠢᠭ ᠤᠨ ᠱᠠᠩᠨᠠᠯ ᠤᠨ ᠮᠥᠩᠭᠦ ᠪᠠᠨ ᠨᠡᠶᠢᠭᠡᠮ ᠲᠣᠭᠤᠷᠢᠭ ᠲᠤ ᠬᠠᠨᠳᠢᠪᠯᠠᠵᠠᠢ᠃ ᠲᠤᠰ ᠡᠳᠦᠷ᠂ ᠰᠠᠶᠢᠨ ᠳᠤᠷ᠎ᠠ ᠶᠢᠨ ᠦᠢᠯᠡᠴᠢᠯᠡᠭᠡ ᠶᠢᠨ ᠠᠵᠢᠯ ᠤᠨ ᠳᠤᠭᠤᠶᠢᠯᠠᠩ ᠤᠨ ᠬᠢᠨ ᠪᠠᠰᠠ ᠬᠥᠬᠡᠬᠤᠲᠠ ᠶᠢᠨ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠢᠯ ᠠᠴᠠ ᠪᠠᠨ ᠠᠮᠠᠷᠠᠭᠰᠠᠨ 5 ᠬᠦᠴᠢᠷᠳᠡᠯᠲᠡᠢ ᠠᠬᠠᠮᠠᠳ ᠬᠥᠳᠡᠯᠮᠦᠷᠢ ᠶᠢᠨ ᠵᠢᠱᠢᠶᠡᠴᠢ᠂ ᠠᠬᠠᠮᠠᠳ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠵᠥᠩᠨᠡᠯ ᠮᠡᠨᠳᠦᠴᠢᠯᠡᠯ ᠬᠦᠷᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ