︽ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠶᠢᠨ ᠳᠡᠰ ᠤᠨ ᠬᠤᠪᠢᠶᠠᠷᠢᠯᠠᠯ︾ ᠢ 4 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠠ
ᠨᠡᠶᠢᠲᠡᠯᠡᠭᠰᠡᠨ ᠴᠠᠭ᠄
2021/2/2
      2021 ᠣᠨ ᠤ ᠨᠢᠭᠡᠳᠦᠭᠡᠷ ᠪᠦᠯᠦᠭ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠨᠡᠶᠢᠲᠡᠯᠡᠪᠡ      ᠠᠷᠠᠳ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠦ᠋ ᠯᠢ ᠷᠦᠩ︶ ᠰᠣᠶᠣᠯ ᠵᠢᠭᠤᠯᠴᠢᠯᠠᠯ ᠤᠨ ᠶᠠᠮᠤᠨ ᠣᠶᠢᠷ᠎ᠠ ᠳᠤ 2021 ᠣᠨ ᠤ ᠨᠢᠭᠡᠳᠦᠭᠡᠷ ᠪᠦᠯᠦᠭ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ︽ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠶᠢᠨ ᠳᠡᠰ ᠤᠨ ᠬᠤᠪᠢᠶᠠᠷᠢᠯᠠᠯ︾ ᠢ ᠨᠡᠶᠢᠲᠡᠯᠡᠪᠡ᠂ ᠲᠤᠰ ᠪᠠᠷᠢᠮᠵᠢᠶ᠎ᠠ ᠶᠢ 2021 ᠣᠨ ᠤ 4 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠪᠠᠶᠢᠨ᠎ᠠ᠃      ᠪᠠᠷᠢᠮᠵᠢᠶ᠎ᠠ ᠶᠢ ᠦᠨᠳᠦᠰᠦᠯᠡᠪᠡᠯ᠂ ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠭᠡᠳᠡᠭ ᠨᠢ ᠢᠯᠡ ᠲᠣᠳᠣ ᠰᠣᠶᠣᠯ ᠤᠨ ᠭᠤᠤᠯ ᠰᠡᠳᠦᠪ ᠪᠠ ᠣᠷᠣᠨ ᠪᠦᠰᠡ ᠶᠢᠨ ᠣᠨᠴᠠᠯᠢᠭ ᠲᠠᠢ᠂ ᠵᠢᠭᠤᠯᠴᠢᠯᠠᠯ ᠰᠡᠯᠡᠭᠦᠴᠡᠯ᠂ ᠰᠣᠶᠣᠯ ᠤᠨ ᠣᠶᠢᠯᠠᠭᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠴᠢᠳᠠᠮᠵᠢ ᠶᠢ ᠪᠦᠷᠢᠯᠳᠦᠭᠦᠯᠦᠭᠰᠡᠨ᠂ ᠲᠣᠭᠤᠷᠢᠨ ᠦᠵᠡᠬᠦ᠂ ᠢᠳᠡᠭᠡᠨ ᠤᠮᠳᠠᠭᠠᠨ᠂ ᠵᠤᠭ᠎ᠠ ᠴᠡᠩᠭᠡᠯ᠂ ᠪᠠᠷᠠᠭ᠎ᠠ ᠬᠤᠳᠠᠯᠳᠤᠨ ᠠᠪᠬᠤ᠂ ᠬᠤᠨᠤᠭ ᠪᠠᠭᠤᠳᠠᠯ᠂ ᠰᠡᠯᠡᠭᠦᠴᠡᠯ ᠵᠡᠷᠭᠡ ᠡᠵᠡᠩᠨᠡᠯᠲᠡ ᠶᠢᠨ ᠬᠡᠯᠪᠡᠷᠢ ᠶᠢ ᠠᠭᠤᠰᠤᠯᠴᠠᠭᠤᠯᠤᠭᠰᠠᠨ᠂ ᠵᠢᠭᠤᠯᠴᠢᠯᠠᠭᠴᠢᠳ ᠪᠠ ᠲᠣᠰ ᠭᠠᠵᠠᠷ ᠤᠨ ᠰᠠᠭᠤᠭᠠᠯᠢ ᠠᠷᠠᠳ ᠤᠨ ᠵᠤᠭᠠᠴᠠᠬᠤ᠂ ᠰᠡᠯᠡᠭᠦᠴᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠬᠤᠲᠠ ᠪᠠᠯᠭᠠᠰᠤ ᠶᠢᠨ ᠳᠣᠲᠣᠷᠠᠬᠢ ᠵᠡᠭᠡᠯᠢ ᠭᠤᠳᠤᠮᠵᠢ ᠶᠢ ᠵᠢᠭᠠᠵᠤ ᠪᠣᠶ᠃      ᠪᠠᠷᠢᠮᠵᠢᠶ᠎ᠠ ᠳᠤ᠂ ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠶᠢ ᠳᠡᠭᠡᠷ᠎ᠡ ᠠᠴᠠ ᠳᠣᠷᠣᠭᠰᠢ ᠪᠠᠨ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠪᠠ ᠮᠤᠵᠢ ᠶᠢᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠬᠡᠵᠦ 2 ᠳᠡᠰ ᠬᠤᠪᠢᠶᠠᠪᠠ᠃ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠶᠢᠨ ᠡᠵᠡᠯᠡᠬᠦ  ᠶᠡᠷᠦᠩᠬᠡᠶ ᠲᠠᠯᠠᠪᠠᠶ ᠶᠢ 5 ᠲᠦᠮᠡᠨ ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠯᠭᠠᠬᠤ ᠥᠬᠡᠶ ᠪᠤᠶᠤ ᠭᠤᠤᠯ ᠵᠡᠭᠡᠯᠢ ᠶᠢᠨ ᠣᠷᠳᠣ ᠶᠢ 500 ᠮᠧᠲᠷ ᠠᠴᠠ ᠪᠠᠭ᠎ᠠ  ᠪᠠᠶᠢᠯᠭᠠᠵᠦ ᠪᠤᠯᠬᠤ ᠦᠭᠡᠢ᠂ ᠮᠤᠵᠢ ᠶᠢᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠶᠢᠨ ᠡᠵᠡᠯᠡᠬᠦ ᠶᠡᠷᠦᠩᠬᠡᠶ ᠲᠠᠯᠠᠪᠠᠶ ᠶᠢ 3 ᠲᠦᠮᠡᠨ ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠯᠭᠠᠬᠤ ᠥᠬᠡᠶ ᠪᠤᠶᠤ ᠭᠤᠤᠯ ᠵᠡᠭᠡᠯᠢ ᠶᠢᠨ ᠣᠷᠳᠣ ᠶᠢ 300 ᠮᠧᠲᠷ ᠠᠴᠠ ᠪᠠᠭ᠎ᠠ ᠪᠠᠶᠢᠯᠭᠠᠵᠦ ᠪᠤᠯᠬᠤ ᠦᠭᠡᠢ᠃ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠶᠢᠨ ᠵᠢᠯ ᠤᠨ ᠵᠢᠭᠤᠯᠴᠢᠯᠠᠭᠴᠢᠳ ᠭᠥᠯᠢᠶᠡᠨ ᠠᠪᠬᠤ ᠬᠡᠮᠵᠢᠶ᠎ᠡ ᠶᠢ 80 ᠲᠦᠮᠡᠨ ᠬᠥᠮᠦᠨ ᠤᠳᠠᠭ᠎ᠠ ᠠᠴᠠ ᠳᠤᠲᠠᠭᠤ ᠥᠬᠡᠶ ᠪᠠᠶᠢᠯᠭᠠᠵᠤ᠂ ᠮᠤᠵᠢ ᠶᠢᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠶᠢᠨ ᠵᠢᠯ ᠤᠨ ᠵᠢᠭᠤᠯᠴᠢᠯᠠᠭᠴᠢᠳ ᠭᠥᠯᠢᠶᠡᠨ ᠠᠪᠬᠤ ᠬᠡᠮᠵᠢᠶ᠎ᠡ ᠶᠢ 50 ᠲᠦᠮᠡᠨ ᠬᠥᠮᠦᠨ ᠤᠳᠠᠭ᠎ᠠ ᠠᠴᠠ ᠳᠤᠲᠠᠭᠤ ᠥᠬᠡᠶ ᠪᠠᠶᠢᠯᠭᠠᠬᠤ ᠬᠡᠷᠡᠭᠲᠡᠶ᠃ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠨᠢ ᠶᠠᠪᠠᠭᠠᠨ ᠢᠶᠠᠷ ᠲᠤᠭᠤᠷᠢᠬᠤ ᠵᠡᠭᠡᠯᠢ ᠲᠠᠢ ᠪᠠᠶᠢᠬᠤ ᠬᠡᠷᠡᠭᠳᠡᠢ᠂ ᠮᠤᠵᠢ ᠶᠢᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠨᠢ ᠡᠳᠦᠷ ᠪᠦᠷᠢ ᠶᠢᠨ ᠭᠤᠤᠯ ᠡᠵᠡᠩᠨᠡᠯᠲᠡ ᠶᠢᠨ ᠴᠠᠭ ᠬᠤᠭᠤᠴᠠᠭᠠᠨ ᠳᠤ ᠭᠤᠤᠯ ᠵᠡᠭᠡᠯᠢ ᠪᠠᠷ ᠲᠡᠷᠭᠡ ᠬᠥᠰᠬᠡ ᠶᠢᠨ ᠨᠡᠪᠲᠡᠷᠡᠬᠦ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ ᠬᠡᠵᠡᠢ      ᠪᠠᠷᠢᠮᠵᠢᠶ᠎ᠠ ᠳᠤ᠂ ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠶᠢᠨ ᠣᠷᠣᠨ ᠨᠤᠲᠤᠭ ᠤᠨ ᠰᠣᠶᠣᠯ ᠪᠤᠶᠤ ᠪᠦᠲᠦᠭᠡᠯᠴᠢ ᠰᠣᠶᠣᠯ ᠤᠨ ᠡᠵᠡᠩᠨᠡᠯᠲᠡ ᠶᠢᠨ ᠬᠡᠯᠪᠡᠷᠢ ᠶᠢᠨ ᠬᠠᠷᠢᠴᠠᠯ ᠢ 40% ᠠᠴᠠ ᠪᠠᠭ᠎ᠠ ᠪᠠᠶᠢᠯᠭᠠᠵᠤ ᠪᠣᠯᠬᠤ ᠥᠬᠡᠶ᠃ ᠵᠡᠭᠡᠯᠢ ᠭᠤᠳᠤᠮᠵᠢ ᠲᠤ ᠨᠠᠭᠠᠳᠤ ᠵᠠᠬ᠎ᠠ ᠳᠠᠭᠠᠨ ᠬᠤᠶᠠᠷ ᠣᠷᠣᠵᠤ ᠭᠠᠷᠬᠤ ᠡᠭᠦᠳᠡ ᠲᠠᠢ  ᠪᠠᠶᠢᠯᠭᠠᠵᠤ᠂ ᠵᠡᠭᠡᠯᠢ ᠭᠤᠳᠤᠮᠵᠢ ᠶᠢᠨ ᠡᠷᠬᠢᠨ ᠲᠣᠭᠤᠷᠢᠨ ᠳᠤ ᠵᠣᠬᠢᠬᠤ ᠬᠡᠪᠴᠢᠶᠡᠨ ᠤ ᠲᠡᠷᠭᠡ ᠵᠣᠭᠰᠣᠭᠠᠬᠤ ᠭᠠᠵᠠᠷ ᠲᠠᠢ ᠪᠠᠶᠢᠯᠭᠠᠬᠤ ᠬᠡᠷᠡᠭᠳᠡᠢ ᠬᠡᠵᠦ ᠲᠤᠬᠳᠠᠭᠠᠪᠠ᠃ ᠪᠠᠷᠢᠮᠵᠢᠶ᠎ᠠ ᠳᠤ ᠪᠠᠰᠠ ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠶᠢᠨ ᠰᠣᠶᠣᠯ ᠪᠠ ᠵᠢᠭᠤᠯᠴᠢᠯᠠᠯ ᠤᠨ ᠣᠨᠴᠠᠯᠢᠭ᠂ ᠣᠷᠴᠢᠨ ᠲᠣᠭᠤᠷᠢᠨ ᠤ ᠣᠨᠴᠠᠯᠢᠭ᠂ ᠡᠵᠡᠩᠨᠡᠯᠲᠡ ᠶᠢᠨ ᠬᠡᠯᠪᠡᠷᠢ ᠶᠢᠨ ᠪᠠᠶᠢᠷᠢᠰᠢᠯ᠂ ᠦᠢᠯᠡᠴᠢᠯᠡᠭᠡᠨ ᠤ ᠲᠥᠬᠦᠭᠡᠷᠦᠮᠵᠢ᠂ ᠶᠡᠷᠦᠩᠬᠡᠶᠢᠯᠡᠭᠰᠡᠨ  ᠦᠢᠯᠡᠴᠢᠯᠡᠭᠡ᠂ ᠡᠷᠡᠭᠦᠯ ᠬᠠᠮᠠᠭᠠᠯᠠᠯ᠂ ᠠᠮᠤᠷ ᠲᠦᠪᠰᠢᠨ᠂ ᠬᠠᠮᠢᠶᠠᠷᠤᠯᠲᠠ ᠵᠡᠷᠭᠡ ᠲᠠᠯ᠎ᠠ ᠪᠠᠷ ᠱᠠᠭᠠᠷᠳᠠᠯᠭ᠎ᠠ ᠭᠠᠷᠭᠠᠪᠠ᠃      ᠵᠡᠭᠡᠯᠢ ᠭᠤᠳᠤᠮᠵᠢ ᠶᠢᠨ ᠡᠵᠡᠩᠨᠡᠯᠲᠡ ᠶᠢᠨ ᠪᠠᠶᠢᠳᠠᠯ ᠤᠨ ᠪᠠᠶᠢᠷᠢᠰᠢᠯ ᠤᠨ ᠲᠠᠯ᠎ᠠ ᠪᠠᠷ᠂ ᠪᠠᠷᠢᠮᠵᠢᠶ᠎ᠠ ᠳᠤ᠂ ᠵᠣᠬᠢᠰᠲᠠᠶ ᠲᠥᠯᠥᠪᠵᠢᠭᠦᠯᠵᠦ᠂ ᠵᠣᠬᠢᠴᠠᠩᠭᠤᠶ ᠡᠵᠡᠩᠨᠡᠯᠲᠡ ᠶᠢᠨ ᠪᠠᠶᠢᠳᠠᠯ ᠤᠨ ᠵᠣᠷᠢᠭᠵᠢᠭᠤᠯᠤᠯ ᠪᠤᠶᠤ ᠬᠢᠵᠠᠭᠠᠷᠯᠠᠯ ᠲᠠᠢ ᠪᠠᠶᠢᠬᠤ ᠬᠡᠷᠡᠭᠳᠡᠢ᠃ ᠵᠡᠭᠡᠯᠢ ᠭᠤᠳᠤᠮᠵᠢ ᠶᠢᠨ ᠡᠵᠡᠩᠨᠡᠯᠲᠡ ᠶᠢᠨ ᠪᠠᠶᠢᠳᠠᠯ ᠨᠢ ᠲᠥᠷᠥᠯ ᠵᠦᠢᠯ ᠢᠶᠠᠷ ᠪᠠᠶᠠᠯᠢᠭ᠂ ᠲᠤᠭ᠎ᠠ ᠬᠡᠮᠵᠢᠶ᠎ᠡ ᠪᠠᠷ ᠬᠦᠢᠴᠡᠳ ᠪᠠᠶᠢᠵᠤ᠂ ᠵᠡᠭᠡᠯᠢ ᠳᠠᠭᠠᠭᠰᠠᠨ ᠨᠢᠭᠡᠴᠡ ᠶᠢᠨ 70% ᠠᠴᠠ ᠳᠡᠭᠡᠭᠰᠢ ᠨᠢ ᠭᠠᠳᠠᠭᠰᠢ ᠨᠡᠭᠡᠭᠡᠯᠳᠡ ᠬᠢᠪᠡᠯ ᠵᠤᠬᠢᠨ᠎ᠠ᠃ ᠵᠡᠭᠡᠯᠢ ᠭᠤᠳᠤᠮᠵᠢ ᠨᠢ ᠣᠨᠴᠠᠯᠢᠭᠲᠤ ᠰᠣᠶᠣᠯ ᠤᠨ ᠭᠤᠤᠯ ᠰᠡᠳᠦᠪᠲᠦ ᠡᠵᠡᠩᠨᠡᠯᠲᠡ ᠲᠠᠢ ᠮᠥᠷᠲᠡᠭᠡᠨ ᠡᠵᠡᠩᠨᠡᠯᠲᠡ ᠨᠢ ᠰᠠᠶᠢᠨ᠂ ᠪᠦᠲᠦᠭᠡᠯᠴᠢ ᠴᠢᠨᠠᠷ ᠪᠠ ᠤᠷᠠᠯᠢᠭᠴᠢ ᠴᠢᠨᠠᠷ ᠲᠠᠢ ᠬᠡᠷᠡᠭᠯᠡᠭᠡᠨ ᠤ ᠡᠵᠡᠩᠨᠡᠯᠲᠡ ᠶᠢᠨ ᠪᠠᠶᠢᠳᠠᠯ ᠲᠠᠢ ᠪᠠᠶᠢᠬᠤ ᠬᠡᠷᠡᠭᠲᠡᠶ ᠬᠡᠵᠦ ᠲᠤᠷᠠᠳᠴᠠᠢ᠃      ᠵᠡᠭᠡᠯᠢ ᠭᠤᠳᠤᠮᠵᠢ ᠶᠢᠨ ᠰᠥᠨᠢ ᠶᠢᠨ ᠡᠵᠡᠩᠨᠡᠯᠲᠡ ᠶᠢᠨ ᠪᠠᠷᠢᠮᠵᠢᠶ᠎ᠠ  ᠶᠢᠨ ᠲᠤᠬᠠᠢ ᠣᠯᠠᠨᠳᠠ ᠳᠤᠷᠠᠳᠤᠬᠰᠠᠨ  ᠪᠠᠶᠢᠨ᠎ᠠ᠃ ᠪᠠᠷᠢᠮᠵᠢᠶ᠎ᠠ ᠶᠢ ᠦᠨᠳᠦᠰᠦᠯᠡᠪᠡᠯ᠂ ᠵᠢᠭᠤᠯᠴᠢᠯᠠᠯ ᠰᠡᠯᠡᠭᠦᠴᠡᠯ ᠤᠨ ᠵᠡᠭᠡᠯᠢ ᠭᠤᠳᠤᠮᠵᠢ ᠳᠤ ᠣᠷᠣᠶ ᠶᠢᠨ ᠰᠣᠶᠣᠯ ᠵᠤᠭ᠎ᠠ ᠴᠡᠩᠭᠡᠯ ᠤᠨ ᠠᠵᠢᠯᠯᠠᠭ᠎ᠠ ᠪᠠᠶᠢᠪᠠᠯ ᠵᠣᠬᠢᠨ᠎ᠠ᠂ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠳᠤ 80% ᠠᠴᠠ ᠳᠡᠭᠡᠭᠰᠢᠬᠢ ᠡᠵᠡᠩᠨᠡᠯᠲᠡ ᠶᠢᠨ ᠨᠢᠭᠡᠴᠡ ᠶᠢᠨ ᠡᠵᠡᠩᠨᠡᠯᠲᠡ ᠶᠢᠨ ᠴᠠᠭ ᠢ 21 ᠴᠠᠭ ᠪᠣᠯᠲᠠᠯ᠎ᠠ ᠲᠣᠬᠢᠷᠠᠭᠤᠯᠵᠤ᠂ ᠲᠠᠭᠤ᠂ ᠬᠡᠷᠡᠯ᠂ ᠴᠠᠬᠢᠯᠭᠠᠨ ᠵᠡᠷᠭᠡ ᠮᠡᠷᠭᠡᠵᠢᠯ ᠢ ᠬᠡᠷᠡᠭᠯᠡᠨ ᠰᠡᠯᠡᠭᠦᠴᠡᠯ ᠤᠨ ᠠᠭᠤᠷ ᠠᠮᠢᠰᠬᠤᠯ ᠢ ᠳᠣᠪᠤᠶᠢᠯᠭᠠᠵᠤ᠂ ᠵᠡᠭᠡᠯᠢ ᠭᠤᠳᠤᠮᠵᠢ ᠶᠢᠨ ᠰᠥᠨᠢ ᠶᠢᠨ ᠦᠵᠡᠮᠵᠢ ᠶᠢ ᠳᠡᠯᠭᠡᠨ ᠦᠵᠡᠭᠦᠯᠵᠦ ᠪᠤᠯᠤᠨ᠎ᠠ ᠬᠡᠵᠡᠢ᠃http://mongol.people.com.cn/15836735.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ