ᠰᠤᠷᠭᠠᠨ ᠬᠥᠮᠦᠵᠢᠯ ᠤᠨ ᠶᠠᠮᠤᠨ ᠵᠢᠩᠬᠢᠨᠢ ᠠᠩᠭᠢ ᠶᠢᠨ ᠲᠠᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠲᠤᠬᠢᠷᠠᠭᠤᠯᠤᠯᠳᠠ ᠶᠢᠨ ᠬᠠᠮᠢᠶᠠᠷᠤᠯᠲᠠ ᠶᠢᠨ ᠠᠷᠭ᠎ᠠ ᠶᠢ ᠲᠣᠳᠣᠷᠬᠠᠶ ᠲᠣᠭᠲᠠᠭᠠᠪᠠ
ᠨᠡᠶᠢᠲᠡᠯᠡᠭᠰᠡᠨ ᠴᠠᠭ᠄
2021/2/2
      ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 29 ᠤ ᠡᠳᠦᠷ ᠤᠨ ᠮᠡᠳᠡᠭᠡ ᠰᠤᠷᠪᠤᠯᠵᠢᠯᠠᠭᠴᠢ 29 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠲᠦᠷᠦᠭᠦᠬᠡᠨ ︽ᠵᠢᠩᠬᠢᠨᠢ ᠠᠩᠭᠢ ᠶᠢᠨ ᠲᠠᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠲᠤᠬᠢᠷᠠᠭᠤᠯᠤᠯᠳᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ ᠵᠢᠩᠬᠢᠨᠢ ᠠᠩᠭᠢ ᠶᠢᠨ ᠲᠠᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠲᠤᠬᠢᠷᠠᠭᠤᠯᠤᠯᠳᠠ ᠶᠢᠨ ᠨᠥᠬᠦᠴᠡᠯ ᠪᠠ ᠱᠠᠭᠠᠷᠳᠠᠯᠭ᠎ᠠ᠂ ᠳᠣᠭᠢᠷᠠᠭᠤᠯᠬᠤ ᠵᠢᠷᠤᠮ᠂ ᠵᠢᠯᠣᠭᠤᠳᠬᠤ ᠪᠠ ᠬᠢᠨᠠᠯᠲᠠ ᠲᠠᠯᠪᠢᠬᠤ ᠵᠡᠷᠭᠡ ᠶᠢ ᠲᠣᠳᠣᠷᠬᠠᠶ ᠲᠣᠭᠲᠠᠭᠠᠪᠠ᠃      ᠰᠤᠷᠭᠠᠨ ᠬᠥᠮᠦᠵᠢᠯ ᠤᠨ ᠶᠠᠮᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠨᠠᠰᠤᠨ ᠳᠤ ᠭᠦᠷᠦᠭᠰᠡᠳ ᠤᠨ ᠰᠤᠷᠭᠠᠨ ᠬᠥᠮᠦᠵᠢᠯ ᠤᠨ ᠵᠤᠷᠭᠠᠨ ᠤ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠵᠢᠩᠬᠢᠨᠢ ᠠᠩᠭᠢ ᠶᠢᠨ ᠲᠠᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠡᠭᠡᠳᠦ ᠲᠠᠰ ᠳᠠᠪᠬᠤᠷᠭ᠎ᠠ ᠮᠥᠨ᠂ ᠨᠢᠭᠡ ᠪᠦᠯᠦᠭ ᠲᠤᠰᠬᠠᠶ ᠮᠡᠷᠭᠡᠵᠢᠯ ᠢ ᠥᠨᠳᠥᠷ ᠡᠬᠢᠯᠡᠯᠲᠡ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠣᠷᠳᠣ ᠰᠤᠷᠤᠯᠭ᠎ᠠ ᠶᠢᠨ ᠲᠦᠷᠢᠮᠲᠦ ᠬᠦᠮᠦᠵᠢᠯ ᠬᠦᠷᠲᠡᠭᠡᠭᠦ ᠪᠠᠷ ᠳᠠᠮᠵᠢᠭᠤᠯᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠳᠡᠭᠡᠳᠦ ᠲᠠᠰ ᠳᠠᠪᠬᠤᠷᠭ᠎ᠠ ᠶᠢᠨ᠂ ᠥᠨᠳᠥᠷ ᠬᠢᠷᠢ ᠲᠦᠪᠰᠢᠨ ᠪᠥᠬᠦᠶ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠪᠡ᠃      ᠬᠠᠮᠢᠶᠠᠷᠤᠯᠲᠠ ᠶᠢᠨ ᠠᠷᠭ᠎ᠠ ᠳᠤ ᠲᠤᠰᠬᠠᠶ ᠮᠡᠷᠭᠡᠵᠢᠯ ᠤᠨ ᠲᠣᠬᠢᠷᠠᠭᠤᠯᠤᠯᠲᠠ ᠶᠢᠨ ᠨᠥᠬᠦᠴᠡᠯ ᠢ ᠨᠠᠷᠢᠯᠢᠬᠵᠢᠭᠤᠯᠵᠤ᠂ ᠴᠢᠨᠠᠷ ᠪᠠ ᠬᠡᠮᠵᠢᠶ᠎ᠡ ᠶᠢ ᠬᠠᠷᠢᠯᠴᠠᠨ ᠤᠶᠠᠯᠳᠤᠭᠤᠯᠵᠤ ᠪᠣᠳᠠᠲᠠᠶ ᠭᠦᠢᠴᠡᠳᠬᠡᠯ ᠲᠤᠭ᠎ᠠ ᠭᠠᠷᠭᠠᠵᠠᠶ᠃ ᠵᠢᠱᠢᠶᠡᠯᠡᠪᠡᠯ ᠪᠠᠭᠰᠢ ᠶᠢᠨ ᠡᠩᠨᠡᠭᠡᠨ ᠤ ᠲᠠᠯ᠎ᠠ ᠪᠠᠷ᠂ ᠪᠠᠭᠰᠢ ᠶᠢᠨ ︽ᠬᠤᠤᠰ ᠪᠠᠭᠰᠢ︾ ᠶᠢᠨ ᠬᠡᠪ ᠴᠢᠨᠠᠷ ᠢ ᠴᠢᠬᠤᠯᠠᠴᠢᠯᠠᠵᠤ᠂ ︽ᠬᠤᠤᠰ ᠪᠠᠭᠰᠢ ᠶᠢᠨ ᠬᠡᠯᠪᠡᠷᠢ︾ ᠶᠢᠨ ᠪᠠᠭᠰᠢ ᠶᠢᠨ ᠡᠵᠡᠯᠡᠬᠦ ᠬᠠᠷᠢᠴᠠᠯ᠂ ᠠᠵᠢᠯ ᠲᠥᠷᠥᠯ ᠤᠨ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠲᠤᠰᠢᠶᠠᠯ ᠬᠠᠪᠰᠤᠷᠭᠠᠭᠰᠠᠨ ᠪᠠᠭᠰᠢ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ ᠵᠢᠭᠠᠨ ᠰᠤᠷᠭᠠᠬᠤ ᠡᠭᠦᠷᠭᠡ ᠶᠢ ᠡᠭᠦᠷᠭᠡᠯᠡᠬᠦ ᠬᠢᠴᠢᠶᠡᠯ ᠤᠨ ᠴᠠᠭ ᠤᠨ ᠬᠠᠷᠢᠴᠠᠯ ᠳᠤ ᠲᠤᠳᠤᠷᠬᠠᠢ ᠱᠠᠭᠠᠷᠳᠠᠯᠭ᠎ᠠ ᠲᠤᠷᠠᠳᠪᠠ︔ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠯ᠎ᠠ ᠪᠠᠷ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠲᠠᠢ ᠬᠠᠮᠵᠢᠯᠴᠠᠬᠤ ᠶᠢ ᠴᠢᠬᠤᠯᠠᠴᠢᠯᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠬᠡᠯᠪᠡᠷᠢ ᠶᠢᠨ ᠠᠵᠤ ᠠᠬᠤᠶᠢᠯᠠᠯ᠂ ᠣᠲᠣ ᠦᠶ᠎ᠡ ᠶᠢᠨ ᠱᠠᠪᠢ ᠠᠵᠢᠯᠴᠢᠨ ᠤ ᠲᠦᠷᠢᠮ ᠵᠡᠷᠭᠡ ᠶᠢᠨ ᠲᠣᠭᠤᠷᠢᠨ ᠳᠤ ᠲᠣᠳᠣᠷᠬᠠᠶ ᠱᠠᠭᠠᠷᠳᠠᠯᠭ᠎ᠠ ᠳᠤᠷᠠᠳᠪᠠ︔ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠲᠠᠯ᠎ᠠ ᠪᠠᠷ᠂ ᠦᠢᠯᠡᠳᠦᠯᠭᠡ ᠶᠢᠨ ᠴᠢᠨᠠᠷᠲᠠᠢ ᠵᠢᠭᠠᠨ ᠰᠤᠷᠭᠠᠯᠲᠠ ᠶᠢ ᠴᠢᠬᠤᠯᠠᠴᠢᠯᠠᠵᠤ᠂ ᠪᠣᠳᠠᠲᠠᠢ ᠪᠣᠯᠪᠠᠰᠤᠷᠠᠯ ᠤᠨ ᠰᠠᠭᠤᠷᠢᠨ ᠭᠠᠵᠠᠷ᠂ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠬᠠᠷᠢᠴᠠᠯ ᠵᠡᠷᠭᠡ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃      ᠬᠠᠮᠢᠶᠠᠷᠤᠯᠲᠠ ᠶᠢᠨ ᠠᠷᠭ᠎ᠠ ᠳᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤᠰᠬᠠᠶ ᠮᠡᠷᠭᠡᠵᠢᠯ ᠤᠨ ᠲᠤᠬᠢᠷᠠᠭᠤᠯᠤᠯᠳᠠ ᠶᠢ ᠤᠷᠢᠳᠴᠢᠯᠠᠨ ᠰᠡᠷᠡᠮᠵᠢᠯᠡᠭᠦᠯᠬᠦ ᠪᠠ ᠬᠥᠳᠡᠯᠦᠩᠭᠦᠢ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠣᠷᠣᠭᠴᠢ ᠡᠯᠰᠡᠬᠦ᠂ ᠰᠤᠷᠭᠠᠭᠤᠯᠢ ᠡᠷᠭᠢᠯᠡᠬᠦ᠂ ᠠᠵᠢᠯ ᠤᠯᠬᠤ᠂ ᠰᠣᠷᠣᠭᠴᠢ ᠨᠢᠭᠡ ᠪᠦᠷᠢ ᠶᠢᠨ ᠳᠤᠮᠳᠠᠴᠢ ᠵᠠᠷᠤᠳᠠᠯ ᠤᠨ ᠣᠷᠣᠭᠤᠯᠤᠯᠲᠠ ᠵᠡᠷᠭᠡ ᠪᠠᠶᠢᠳᠠᠯ ᠢ ᠦᠨᠡᠯᠡᠭᠰᠡᠨ ᠦᠷ᠎ᠡ ᠳ᠋ᠦᠩ ᠢᠶᠠᠷ ᠲᠤᠰᠬᠠᠶ ᠮᠡᠷᠭᠡᠵᠢᠯ ᠤᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠬᠦ᠂ ᠲᠤᠰᠬᠠᠶ ᠮᠡᠷᠭᠡᠵᠢᠯ ᠤᠨ ᠪᠦᠲᠦᠴᠡ ᠶᠢ ᠳᠣᠭᠢᠷᠠᠭᠤᠯᠬᠤ ᠦᠨᠳᠦᠰᠦᠨ ᠦᠨᠳᠦᠰᠦᠯᠡᠯ ᠪᠣᠯᠭᠠᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠨᠤᠭᠤᠳ ᠤᠨ ᠪᠠᠶᠢᠭᠤᠯᠤᠭᠰᠠᠨ ᠲᠤᠰᠬᠠᠶ ᠮᠡᠷᠭᠡᠵᠢᠯ ᠳᠤ ᠰᠤᠷᠭᠠᠭᠤᠯᠢ ᠡᠷᠬᠢᠯᠡᠬᠦ ᠨᠥᠬᠦᠴᠡᠯ ᠨᠢ ᠬᠦᠨᠳᠦ ᠨᠣᠴᠢᠲᠠᠶ ᠬᠦᠷᠦᠯᠴᠡᠬᠦ ᠦᠭᠡᠶ᠂ ᠵᠢᠭᠠᠨ ᠰᠤᠷᠭᠠᠬᠤ ᠶᠠᠰᠤ ᠴᠢᠨᠠᠷ ᠨᠢ ᠳᠣᠣᠷ᠎ᠠ᠂ ᠠᠵᠢᠯ ᠣᠯᠬᠤ ᠨᠣᠷᠮ᠎ᠠ ᠨᠢ ᠬᠡᠳᠦ ᠳᠣᠣᠷ᠎ᠠ ᠵᠡᠷᠭᠡ ᠪᠠᠶᠢᠳᠠᠯ ᠭᠠᠷᠪᠠᠯ᠂ ᠲᠤᠰ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠲᠥᠯᠥᠪᠯᠡᠭᠡ ᠶᠢ ᠲᠣᠬᠢᠷᠠᠭᠤᠯᠤᠨ ᠪᠠᠭᠠᠰᠬᠠᠵᠤ᠂ ᠰᠤᠷᠤᠭᠴᠢ ᠡᠯᠰᠡᠬᠦ ᠶᠢ ᠨᠢ ᠵᠣᠭᠰᠣᠭᠠᠬᠤ ᠬᠡᠷᠡᠭᠲᠡᠶ᠃ ᠦᠷᠭᠦᠯᠵᠢᠯᠡᠨ 3 ᠵᠢᠯ ᠰᠤᠷᠤᠭᠴᠢ ᠡᠯᠰᠡᠭᠰᠡᠨ ᠦᠭᠡᠶ ᠪᠣᠯ ᠵᠠᠷᠴᠢᠮ ᠳᠡᠭᠡᠷ᠎ᠡ ᠪᠠᠨ ᠲᠤᠰ ᠲᠤᠰᠬᠠᠶ ᠮᠡᠷᠭᠡᠵᠢᠯ ᠤᠨ ᠴᠡᠭ ᠢ ᠴᠠᠭ ᠲᠤᠬᠠᠶ ᠳᠤᠨᠢ ᠬᠦᠴᠦᠨ ᠦᠭᠡᠢ ᠪᠤᠯᠭᠠᠬᠤ ᠬᠡᠷᠡᠭᠲᠡᠶ ᠭᠡᠵᠦ ᠲᠤᠷᠠᠳᠪᠠ᠃http://mongol.people.com.cn/15836730.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ