ᠪᠠᠶᠠᠷ ᠤᠨ ᠡᠳᠦᠷ ᠤᠨ ᠳᠠᠷᠠᠭᠠᠬᠢ ᠠᠩᠬᠠᠳᠠᠭᠴᠢ ᠠᠵᠢᠯᠯᠠᠬᠤ ᠡᠳᠦᠷ ᠲᠤ᠂ ᠴᠢᠩ ᠱᠦᠶ ᠾᠧ ᠰᠢᠶᠠᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠢᠷᠢ ᠲᠦᠪᠰᠢᠨ  ᠢ ᠳᠡᠭᠡᠭᠰᠢᠯᠡᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/2/20
     2 ᠳ᠋ᠤᠭᠠᠷ ᠰᠠᠷ᠎ᠠ ᠶᠢᠨ 18 ᠤ ᠡᠳᠦᠷ ᠪᠣᠯ ᠴᠠᠭᠠᠨ ᠰᠠᠷ᠎ᠠ ᠶᠢᠨ ᠳᠠᠷᠠᠭᠠᠬᠢ ᠠᠩᠬᠠᠳᠠᠭᠴᠢ ᠠᠵᠢᠯ ᠤᠨ ᠡᠳᠦᠷ ᠪᠣᠯᠤᠨ᠎ᠠ᠂ ᠦᠳᠡ ᠶᠢᠨ ᠡᠮᠦᠨ᠎ᠡ᠂ ᠴᠢᠩ ᠱᠦᠶ ᠾᠧ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠵᠠᠩ ᠺᠧ ᠯᠢᠩ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠶᠢᠯᠠᠯ ᠤᠨ ᠬᠥᠭᠵᠢᠯᠲᠡ ᠳᠤ ᠦᠶᠯᠡᠴᠢᠯᠡᠬᠦ᠂ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠲᠥᠬᠦᠮ ᠦᠵᠡᠭᠦᠯᠬᠦ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ᠂ ᠪᠥᠬᠦ ᠰᠢᠶᠠᠨ ᠤ ᠺᠠᠳ᠋ᠷ ᠣᠯᠠᠨ ᠲᠦᠮᠡᠨ ᠤ ᠡᠷᠴᠢ ᠵᠣᠷᠢᠭ ᠢ ᠬᠥᠪᠴᠢᠯᠡᠨ᠂ ᠬᠦᠴᠢᠷ ᠠᠰᠠᠭᠤᠳᠠᠯ ᠢ ᠰᠢᠶᠳᠪᠦᠷᠢᠯᠡᠵᠦ᠂ ᠰᠢᠨ᠎ᠡ ᠨᠢᠭᠡ ᠵᠢᠯ ᠤᠨ ᠬᠦᠴᠦᠯᠡᠨ ᠴᠢᠷᠮᠠᠶᠢᠵᠤ ᠪᠣᠳᠠᠲᠠᠶ ᠠᠵᠢᠯᠯᠬᠤ ᠲᠥᠪᠯᠡᠷᠡᠯ ᠤᠨ ᠪᠦᠷᠢᠶ᠎ᠡ ᠶᠢ ᠬᠠᠩᠭᠢᠨᠠᠭᠤᠯᠪᠠ᠃ ᠰᠢᠶᠠᠨ ᠤ ᠤᠳᠤᠷᠢᠳᠤᠯᠭ᠎ᠠ ᠵᠠᠩ ᠮᠢᠨ ᠴᠦᠨ᠂ ᠯᠢᠦ ᠽᠠᠢ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠥᠭᠡᠷᠡᠴᠢᠯᠡᠨ ᠪᠠᠶᠢᠭᠤᠯᠤᠭᠰᠠᠨ ᠤ ᠳᠠᠷᠠᠭᠠᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ᠂ ᠶᠦᠨ ᠯᠢᠨ ᠴᠢᠶᠦ᠋ᠩ ᠨᠠᠷ ᠠᠵᠤ ᠠᠬᠤᠶᠢᠯᠠᠯ ᠡᠷᠭᠢᠯᠡᠨ ᠪᠠᠶᠢᠭᠤᠯᠬᠤ᠂ ᠠᠵᠤ ᠦᠶᠯᠡᠳᠪᠦᠷᠢ ᠶᠢᠨ ᠥᠭᠡᠷᠡᠴᠢᠯᠡᠯᠲᠡ  ᠶᠢᠨ ᠲᠤᠰᠬᠠᠶ ᠲᠣᠭᠤᠷᠢᠭ᠂ ᠠᠷᠠᠳ ᠤᠨ ᠠᠮᠢᠳᠤᠷᠠᠯ ᠤᠨ ᠬᠠᠯᠠᠮᠰᠢᠯ᠂ ᠶᠡᠷᠦᠩᠬᠡᠶᠢᠯᠡᠭᠰᠡᠨ ᠴᠣᠩᠬᠤᠪᠴᠢ ᠶᠢᠨ ᠭᠥᠯᠢᠶᠡᠨ ᠠᠪᠴᠤ ᠰᠢᠶᠳᠪᠦᠷᠢᠯᠡᠬᠦ ᠲᠤᠰᠬᠠᠶ ᠲᠣᠭᠤᠷᠢᠭ ᠤᠨ ᠲᠣᠬᠢᠷᠠᠭᠤᠯᠤᠯᠲᠠ᠂ ᠦᠶᠯᠡᠴᠢᠯᠡᠭᠡᠨ ᠤ ᠴᠤᠩᠬᠤᠪᠴᠢ  ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠯ ᠵᠡᠷᠭᠡ ᠵᠢᠭᠰᠠᠭᠠᠯ ᠤᠨ ᠭᠠᠵᠠᠷ ᠤᠨ ᠪᠠᠷᠢᠮᠵᠢᠶᠠᠵᠢᠭᠤᠯᠤᠭᠰᠠᠨ᠂ ᠵᠢᠷᠤᠮᠵᠢᠭᠤᠯᠤᠭᠰᠠᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ᠂ ᠣᠷᠣᠵᠤ ᠰᠠᠭᠤᠭᠰᠠᠨ ᠵᠦᠶᠯᠡᠰ ᠤᠨ ᠬᠠᠷᠢᠴᠠᠯ ᠢ ᠳᠡᠭᠡᠭᠰᠢᠯᠡᠭᠦᠯᠬᠦ ᠵᠢᠴᠢ ᠠᠷᠠᠳ ᠲᠦᠮᠡᠨ ᠳᠤ ᠦᠶᠯᠡᠴᠢᠯᠡᠬᠦ ᠵᠡᠷᠭᠡ ᠪᠠᠶᠢᠳᠠᠯ ᠢ ᠰᠣᠨᠣᠰᠪᠠ᠃      ᠶᠦᠨ ᠯᠢᠨ ᠴᠢᠶᠦ᠋ᠩ ᠵᠢᠭᠠᠵᠤ ᠭᠠᠷᠭᠠᠭᠰᠠᠨ ᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠣᠯ ᠵᠠᠰᠠᠭ ᠤᠨ ᠣᠷᠳᠣᠨ ᠤ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠴᠢᠬᠤᠯᠠ ᠴᠤᠩᠬᠤᠪᠴᠢ ᠪᠠ ᠦᠢᠯᠡᠴᠢᠯᠡᠭᠡᠨ ᠤ ᠲᠠᠪᠴᠠᠩ ᠪᠣᠯᠤᠨ᠎ᠠ᠂ ᠲᠤᠬᠠᠶᠢᠯᠠᠭᠰᠠᠨ ᠠᠵᠢᠯ ᠢᠶᠠᠨ ᠲᠦᠷᠭᠡᠨ ᠨᠡᠶᠢᠳᠬᠡᠵᠦ᠂ ᠳᠣᠲᠣᠭᠠᠳᠤ ᠶᠠᠪᠤᠴᠠ ᠪᠠᠨ ᠰᠢᠯᠢᠳᠡᠭᠵᠢᠭᠦᠯᠬᠦ ᠬᠡᠷᠡᠭᠲᠡᠢ᠃ ᠴᠣᠩᠬᠤᠪᠴᠢ ᠶᠢᠨ ᠰᠢᠯᠢᠳᠡᠭ ᠢ ᠨᠢ ᠰᠣᠩᠭᠤᠨ ᠬᠦᠴᠦᠷᠬᠡᠭ ᠢ ᠨᠢ ᠳᠣᠭᠢᠷᠠᠭᠤᠯᠵᠤ᠂ ᠬᠠᠷᠢᠭᠤᠴᠠᠯᠭ᠎ᠠ ᠲᠠᠢ᠂ ᠬᠠᠤᠯᠢ ᠴᠠᠭᠠᠵᠠ ᠰᠠᠬᠢᠯᠭ᠎ᠠ ᠪᠠᠲᠤ ᠲᠠᠢ᠂ ᠬᠠᠶᠢᠷ᠎ᠠ ᠰᠡᠳᠬᠢᠯᠭᠡ ᠲᠠᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠦᠯᠬᠦᠮ ᠨᠡᠶᠢᠲᠡ ᠶᠢ ᠪᠣᠶ ᠪᠣᠯᠭᠠᠵᠤ᠂ ᠬᠠᠤᠯᠢ ᠶᠣᠰᠣᠭᠠᠷ᠂ ᠳᠥᠭᠦᠮ ᠳᠥᠲᠡ᠂ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮᠵᠢ  ᠶᠢ ᠪᠠᠶᠢᠭᠤᠯᠬᠤ ᠬᠡᠷᠡᠭᠲᠡᠶ ᠭᠡᠵᠡᠢ᠃      ᠶᠦᠨ ᠯᠢᠨ ᠴᠢᠶᠦ᠋ᠩ ᠱᠠᠭᠠᠷᠳᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠶᠢ ᠠᠬᠢᠭᠤᠯᠬᠤ᠂ 《 ᠲᠠᠯᠪᠢᠬᠤ᠂ ᠬᠠᠮᠢᠶᠠᠷᠬᠤ᠂ ᠦᠢᠯᠡᠴᠢᠯᠡᠬᠦ 》 ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ 《 ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ 》 ᠶᠢ ᠳᠡᠭᠡᠭᠰᠢᠯᠡᠭᠦᠯᠬᠦ  ᠪᠠᠷ ᠭᠤᠣᠯᠳᠠᠭᠤᠯᠵᠤ᠂ ᠪᠠᠶᠢᠭᠤᠯᠤᠮᠵᠢ ᠲᠣᠭᠲᠠᠴᠠ ᠶᠢ ᠴᠢᠨᠠᠭᠰᠢᠳᠠ ᠰᠢᠨᠡᠴᠢᠯᠡᠵᠦ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠵᠢᠷᠤᠮᠵᠢᠭᠤᠯᠵᠤ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠩᠨᠡᠭᠡᠨ  ᠤ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ  ᠤᠨ ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠰᠠᠶᠢᠨ ᠰᠠᠶᠢᠬᠠᠨ ᠳᠦᠷᠢ ᠳᠦᠷᠦᠬᠦ ᠶᠢ ᠪᠤᠢ ᠪᠣᠯᠭᠠᠬᠤ ᠬᠡᠷᠡᠭᠲᠡᠢ ᠭᠡᠵᠡᠢ᠃      ᠣᠶᠢᠯᠠᠭᠠᠭᠰᠠᠨ ᠢᠶᠠᠷ᠂ ᠮᠠᠨ ᠤ ᠰᠢᠶᠠᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ  ᠲᠠᠢ ᠬᠠᠷᠢᠴᠠᠭᠤᠯᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠪᠠᠷ ᠳᠡᠮᠵᠢᠨ᠂ ᠣᠳᠣᠬᠠᠨ ᠳᠤ ᠰᠢᠶᠠᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠣᠷᠣᠵᠤ ᠰᠠᠭᠤᠭᠰᠠᠨ ᠰᠠᠯᠠᠭ᠎ᠠ ᠮᠥᠴᠢᠷ 15 ᠪᠠᠶᠢᠵᠤ᠂ ᠭᠤᠶᠤᠴᠢᠯᠠᠬᠤ ᠪᠠᠷ ᠳᠠᠮᠵᠢᠬᠤ ᠵᠢᠷᠭᠤᠭᠠᠨ ᠲᠥᠷᠥᠯ ᠤᠨ ᠤᠴᠢᠷ ᠶᠠᠪᠤᠳᠠᠯ 325 ᠪᠠᠶᠢᠵᠤ᠂ ᠨᠢᠭᠡᠨᠲᠡ ᠲᠢᠩᠬᠢᠮ ᠳᠤ ᠣᠷᠣᠵᠤ ᠰᠠᠭᠤᠭᠰᠠᠨ ᠭᠤᠶᠤᠴᠢᠯᠠᠬᠤ ᠪᠠᠷ ᠳᠠᠮᠵᠢᠬᠤ ᠵᠢᠷᠭᠤᠭᠠᠨ ᠲᠥᠷᠥᠯ ᠤᠨ ᠤᠴᠢᠷ ᠶᠠᠪᠤᠳᠠᠯ 127 ᠪᠤᠢ᠃ ᠥᠭᠡᠷᠡᠴᠢᠯᠡᠯᠲᠡ ᠳᠤ ᠬᠤᠯᠪᠣᠭᠳᠠᠭᠰᠠᠨ 12 ᠰᠠᠯᠠᠭ᠎ᠠ ᠮᠥᠴᠢᠷ ᠠᠴᠠ 110 ᠵᠦᠶᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠳᠤ ᠬᠤᠪᠢᠶᠠᠷᠢᠯᠠᠨ ᠰᠢᠯᠵᠢᠭᠦᠯᠬᠦ ᠪᠠᠷ ᠵᠢᠱᠢᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠣᠷᠣᠵᠤ ᠰᠠᠭᠤᠭᠰᠠᠨ ᠤ ᠳᠠᠷᠠᠭ᠎ᠠ ᠨᠢᠭᠡ ᠥᠷᠲᠡᠭᠡ ᠮᠠᠶ᠋ᠢᠭ ᠤᠨ ᠦᠶᠯᠡᠴᠢᠯᠡᠭᠡ ᠶᠢ ᠬᠡᠷᠡᠭᠵᠢᠭᠦᠯᠬᠦ ᠪᠣᠯᠣᠨ᠎ᠠ᠃ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠭᠤᠯᠤᠮᠵᠢ ᠶᠢ ᠪᠠᠶᠢᠷᠢᠯᠠᠭᠤᠯᠬᠤ᠂ ᠵᠦᠶᠯᠡᠰ ᠢ ᠬᠤᠪᠢᠶᠠᠷᠢᠯᠠᠨ ᠰᠢᠯᠵᠢᠭᠦᠯᠬᠦ᠂ ᠠᠵᠢᠯᠲᠠᠨ ᠢ ᠰᠢᠯᠵᠢᠭᠦᠯᠦᠨ ᠬᠠᠷᠢᠶᠠᠯᠠᠭᠤᠯᠬᠤ᠂ ᠠᠵᠢᠯᠲᠠᠨ ᠢ ᠤᠷᠢᠨ ᠬᠡᠷᠡᠭᠯᠡᠬᠦ ᠵᠡᠷᠭᠡ ᠠᠵᠢᠯ ᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠤ ᠬᠠᠮᠲᠤ᠂ ᠰᠢᠶᠠᠨ ᠤ ᠵᠠᠰᠠᠭ ᠵᠠᠬᠢᠷᠭᠠᠨ  ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠤᠯᠤᠰ ᠤᠨ 《 ᠳᠥᠷᠪᠡᠨ ᠱᠠᠲᠤ ᠳᠥᠷᠪᠡᠨ ᠠᠳᠠᠯᠢ 》 ᠶᠢᠨ ᠱᠠᠭᠠᠷᠳᠠᠯᠭ᠎ᠠ ᠶᠣᠰᠣᠭᠠᠷ᠂ ᠶᠠᠭ ᠶᠡᠭᠡ ᠲᠢᠩᠬᠢᠮ ᠤᠨ ᠤᠴᠢᠷ ᠶᠠᠪᠤᠳᠠᠯ ᠤᠨ ᠨᠠᠷᠢᠨ ᠲᠠᠩᠰᠠ᠂ ᠳᠥᠷᠪᠡ ᠶᠢ ᠭᠦᠶᠴᠡᠳᠬᠡᠬᠦ ᠨᠠᠷᠢᠨ ᠲᠠᠩᠰᠠ᠂ ᠨᠢᠭᠡ ᠤᠴᠢᠷ ᠢ ᠨᠢᠭᠡ ᠯᠡ ᠤᠳᠠᠭ᠎ᠠ ᠳᠤ ᠰᠢᠶᠳᠪᠦᠷᠢᠯᠡᠬᠦ ᠲᠣᠳᠣᠷᠬᠠᠶ ᠬᠠᠭᠤᠳᠠᠰᠤ᠂ ᠬᠠᠪᠰᠤᠷᠤᠨ ᠭᠦᠢᠴᠡᠳᠬᠡᠬᠦ ᠵᠦᠢᠯ ᠤᠨ ᠲᠣᠳᠣᠷᠬᠠᠶ ᠬᠠᠭᠤᠳᠠᠰᠤ ᠶᠢ ᠳᠠᠬᠢᠨ ᠡᠮᠬᠢᠯᠡᠨ ᠨᠡᠶᠢᠲᠡᠯᠡᠵᠦ ᠪᠣᠶ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ᠂ ᠭᠦᠶᠴᠡᠳᠬᠡᠬᠦ ᠮᠠᠲ᠋ᠧᠷᠢᠶᠠᠯ ᠤᠨ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠵᠡᠷᠭᠡᠳᠡ ᠮᠠᠨ ᠤ ᠰᠢᠶᠠᠨ ᠤ 《 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ 》 ᠤᠨ ᠱᠠᠭᠠᠷᠳᠠᠯᠭ᠎ᠠ ᠶᠣᠰᠣᠭᠠᠷ᠂ ᠴᠣᠩᠬᠤᠪᠴᠢ ᠶᠢᠨ ᠦᠶᠯᠡᠴᠢᠯᠡᠭᠡᠨ ᠤ ᠵᠦᠶᠯᠡᠰ᠂ ᠬᠡᠷᠡᠭ ᠤᠴᠢᠷ ᠤᠨ ᠣᠷᠣᠵᠤ ᠰᠠᠭᠤᠬᠤ᠂ ᠲᠢᠩᠬᠢᠮ ᠤᠨ ᠠᠵᠢᠯ ᠤᠨ ᠲᠦᠷᠢᠮ᠂ ᠴᠣᠩᠬᠤᠪᠴᠢ ᠶᠢᠨ ᠠᠵᠢᠯ ᠤᠨ ᠳᠦᠷᠢᠮᠵᠢᠯ᠂ ᠬᠤᠪᠢᠶᠠᠷᠢ ᠲᠢᠩᠬᠢᠮ ᠤᠨ ᠬᠠᠮᠢᠶᠠᠷᠤᠯᠲᠠ᠂ ᠠᠵᠢᠯᠲᠠᠨ ᠤ ᠬᠠᠮᠢᠶᠠᠷᠤᠯᠲᠠ ᠵᠡᠷᠭᠡ ᠳᠤ ᠲᠣᠳᠣᠷᠬᠠᠶ ᠲᠣᠭᠲᠠᠭᠠᠯ ᠭᠠᠷᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号