ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠳᠣᠯᠣᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/20
ᠶᠦᠨ ᠵᠢᠶᠠᠨ ᠳ᠋ᠦᠩ ᠡᠷᠬᠢᠯᠡᠪᠡ  ᠾᠧ ᠬᠠᠢ ᠳ᠋ᠦᠩ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠶᠢᠨ ᠲᠤᠰᠢᠶᠠᠯ ᠢ ᠣᠷᠣᠯᠠᠨ ᠭᠦᠢᠴᠡᠳᠬᠡᠬᠦ ᠲᠤᠬᠠᠢ ᠰᠢᠢᠳᠪᠦᠷᠢ ᠶᠢ ᠪᠠᠲᠤᠯᠠᠪᠠ      ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 19 ᠤ ᠡᠳᠦᠷ᠂ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠳᠣᠯᠣᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠵᠢᠶᠠᠨ ᠳ᠋ᠦᠩ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠯᠢᠦ ᠮᠢᠨ᠂ ᠰᠡᠴᠡᠨᠪᠢᠯᠢᠭ᠂ ᠯᠠᠨ ᠹᠧᠩ ᠂ ᠮᠠ ᠬᠤᠢ ᠵᠢᠶᠦ᠋ᠨ᠂ ᠭᠥᠸᠧ ᡁᠢ ᠭᠠᠩ᠂ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠡᠰᠢᠭᠦᠨ ᠵᠠᠩ ᠬᠤᠩ ᠰᠢᠶᠠ᠂ ᠨᠠᠷᠢᠨ ᠪᠢᠴᠢᠭ ᠤᠨ ᠳᠠᠷᠤᠭ᠎ᠠ ᠵᠠᠩ ᠰᠢᠶᠥᠥ ᠹᠠᠨ ᠵᠢᠴᠢ ᠪᠠᠶᠢᠩᠭᠤ ᠶᠢᠨ ᠬᠤᠷᠢᠶ᠎ᠠ ᠶᠢᠨ ᠭᠡᠰᠢᠭᠦᠳ ᠨᠡᠶᠢᠲᠡ 36 ᠬᠥᠮᠥᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠬᠦᠷᠴᠡᠢ᠃      ᠬᠤᠲᠠ ᠶᠢᠨ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠾᠧ ᠬᠠᠢ ᠳ᠋ᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠴᠠᠩ ᠫᠧᠢ ᠵᠦᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠠᠭᠤᠨ ᠤ ᠡᠮᠦᠨ᠎ᠡ ᠬᠤᠷᠠᠯ ᠤᠨ ᠵᠥᠪᠯᠡᠬᠦ ᠵᠦᠢᠯ ᠢ ᠪᠠᠲᠤᠯᠠᠪᠠ᠃      ᠬᠤᠷᠠᠯ ᠠᠴᠠ ᠯᠢᠦ ᠴᠧᠩ ᠮᠢᠨ ᠤ ᠬᠢᠭᠰᠡᠨ ︽ᠵᠠᠰᠠᠭ ᠤᠨ ᠣᠷᠳᠣᠨ ᠤ ᠭᠡᠰᠢᠭᠦᠨ ᠢ ᠲᠤᠰᠢᠶᠠᠯ ᠳᠤ ᠲᠤᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠲᠡᠪᠰᠢᠭᠦᠯᠬᠦ ᠲᠤᠬᠠᠢ ᠬᠤᠲᠠ ᠶᠢᠨ ᠵᠠᠰᠠᠭ ᠤᠨ ᠣᠷᠳᠣᠨ ᠤ ᠰᠠᠨᠠᠯ ᠵᠥᠪᠯᠡᠯᠭᠡ︾ ᠶᠢᠨ ᠲᠣᠳᠣᠷᠬᠠᠶᠢᠯᠠᠯᠲᠠ ᠶᠢ ᠰᠣᠨᠣᠰᠴᠤ᠂ ︽ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶︾ ᠶᠢ ᠪᠠᠲᠤᠯᠠᠪᠠ᠃      ᠬᠤᠷᠠᠯ ᠠᠴᠠ ᠤᠯᠤᠰ ᠤᠨ ᠪᠠᠶᠢᠭᠤᠯᠭ᠎ᠠ ᠶᠢᠨ ᠠᠵᠢᠯᠲᠠᠨ ᠢ ᠲᠤᠰᠢᠶᠠᠯ ᠳᠤ ᠲᠤᠮᠢᠯᠠᠵᠤ ᠲᠤᠰᠢᠶᠠᠯ ᠠᠴᠠ ᠨᠢ  ᠪᠠᠭᠤᠯᠭᠠᠪᠠ᠂ ᠯᠥᠸᠧ ᠴᠢᠩ ᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠬᠤ ᠪᠠᠷ ᠲᠣᠭᠲᠠᠪᠠ︔ ᠾᠧ ᠬᠠᠢ ᠳ᠋ᠦᠩ ᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠶᠢᠨ ᠲᠤᠰᠢᠶᠠᠯ ᠳᠤ ᠲᠣᠮᠢᠯᠠᠬᠤ ᠪᠠᠷ ᠲᠣᠭᠲᠠᠪᠠ︔ ᠵᠠᠩ ᠬᠤᠩ ᠰᠢᠶᠠ ᠶᠢᠨ ᠬᠢᠭᠰᠡᠨ ︽ᠵᠠᠩ ᠪᠠᠢ ᠴᠧᠩ ᠤᠨ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠶᠢᠨ ᠲᠤᠰᠢᠶᠠᠯ ᠠᠴᠠ ᠪᠠᠨ ᠪᠠᠭᠤᠬᠤ ᠶᠢ ᠵᠥᠪᠰᠢᠶᠡᠷᠡᠬᠦ ᠲᠤᠬᠠᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠢᠨ  ᠬᠤᠷᠠᠯ ᠤᠨ ᠰᠠᠨᠠᠯ ᠵᠥᠪᠯᠡᠯᠭᠡ︾ ᠶᠢᠨ ᠲᠣᠳᠣᠷᠬᠠᠶᠢᠯᠠᠯᠲᠠ ᠶᠢ ᠰᠣᠨᠣᠰᠴᠤ᠂ ᠰᠠᠨᠠᠯ ᠵᠥᠪᠯᠡᠯᠭᠡ ᠶᠢ ᠬᠢᠨᠠᠨ ᠵᠥᠪᠯᠡᠭᠰᠡᠨ ᠤ ᠳᠠᠷᠠᠭ᠎ᠠ᠂ ︽ᠵᠠᠩ ᠪᠠᠢ ᠴᠧᠩ ᠤᠨ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠶᠢᠨ ᠲᠤᠰᠢᠶᠠᠯ ᠠᠴᠠ ᠪᠠᠨ ᠪᠠᠭᠤᠬᠤ ᠶᠢ ᠵᠥᠪᠰᠢᠶᠡᠷᠡᠬᠦ ᠲᠤᠬᠠᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ︾ ᠶᠢ ᠪᠠᠲᠤᠯᠠᠪᠠ︔ ᠵᠠᠩ ᠬᠤᠩ ᠰᠢᠶᠠ ᠶᠢᠨ ᠬᠢᠭᠰᠡᠨ ︽ᠾᠧ ᠬᠠᠢ ᠳ᠋ᠦᠩ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠶᠢᠨ ᠲᠤᠰᠢᠶᠠᠯ ᠢ ᠣᠷᠣᠯᠠᠨ ᠭᠦᠢᠴᠡᠳᠬᠡᠬᠦ ᠲᠤᠬᠠᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠢᠨ ᠬᠤᠷᠠᠯ ᠤᠨ ᠰᠠᠨᠠᠯ ᠵᠥᠪᠯᠡᠯᠭᠡ︾ ᠶᠢᠨ ᠲᠣᠳᠣᠷᠬᠠᠶᠢᠯᠠᠯᠲᠠ ᠶᠢ ᠰᠣᠨᠣᠰᠴᠤ᠂ ᠰᠠᠨᠠᠯ ᠵᠥᠪᠯᠡᠯᠭᠡ ᠶᠢ ᠬᠢᠨᠠᠨ ᠵᠥᠪᠯᠡᠭᠰᠡᠨ ᠤ ᠳᠠᠷᠠᠭ᠎ᠠ᠂ ︽ᠾᠧ ᠬᠠᠢ ᠳ᠋ᠦᠩ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠶᠢᠨ ᠲᠤᠰᠢᠶᠠᠯ ᠢ ᠣᠷᠣᠯᠠᠨ ᠭᠦᠢᠴᠡᠳᠬᠡᠬᠦ ᠲᠤᠬᠠᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ︾ ᠶᠢ  ᠪᠠᠲᠤᠯᠠᠪᠠ᠃      ᠣᠷᠣᠯᠠᠭᠴᠢ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠡᠭᠡᠷ᠎ᠡ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠬᠤᠷᠠᠯ ᠤᠨ ᠳᠠᠷᠠᠭ᠎ᠠ᠂ ᠶᠦᠨ ᠵᠢᠶᠠᠨ ᠳ᠋ᠦᠩ ᠰᠢᠨ᠎ᠡ ᠪᠠᠷ ᠲᠣᠮᠢᠯᠠᠭᠰᠠᠨ ᠤᠯᠤᠰ ᠤᠨ ᠪᠠᠶᠢᠭᠤᠯᠭ᠎ᠠ ᠶᠢᠨ ᠠᠵᠢᠯᠲᠠᠨ ᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠢ ᠡᠷᠬᠢᠯᠡᠵᠦ᠂ ᠾᠧ ᠬᠠᠢ ᠳ᠋ᠦᠩ ᠦᠨᠳᠦᠰᠦᠨ ᠬᠠᠤᠯᠢ ᠳᠤ ᠲᠠᠩᠭᠠᠷᠢᠭᠯᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号