ᠪᠠᠶᠠᠰᠤᠯᠲᠤ ᠴᠡᠯᠡᠭᠡᠷ ᠲᠠᠯ᠎ᠠ
ᠨᠡᠶᠢᠲᠡᠯᠡᠭᠰᠡᠨ ᠴᠠᠭ᠄
2021/2/20
      2 ᠳ᠋ᠤᠭᠠᠷ ᠰᠠᠷ᠎ᠠ ᠶᠢᠨ 19 ᠤ ᠡᠳᠦᠷ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠳᠤ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠠᠴᠠ ᠡᠷᠬᠢᠯᠡᠭᠰᠡᠨ ᠴᠠᠭᠠᠭᠴᠢᠨ ᠦᠬᠡᠷ ᠵᠢᠯ ᠤᠨ ᠪᠠᠶᠠᠰᠤᠯᠲᠤ ᠴᠡᠯᠡᠭᠡᠷ ᠲᠠᠯ᠎ᠠ — 2021 ᠣᠨ ᠤ ᠬᠥᠬᠡᠬᠤᠲᠠ ᠶᠢᠨ ᠣᠯᠠᠨ ᠲᠦᠮᠡᠨᠴᠢ ᠰᠣᠶᠣᠯ ᠤᠨ ᠰᠢᠷᠢᠰ ᠬᠥᠳᠡᠯᠭᠡᠭᠡᠨ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤᠨ ᠳᠤ ᠡᠬᠢᠯᠡᠪᠡ᠃      ᠬᠥᠳᠡᠯᠭᠡᠭᠡᠨ ᠤ ᠬᠤᠭᠤᠴᠠᠭᠠᠨ ᠳᠤ᠂ ᠦᠴᠦᠸᠠᠨ ᠰᠢᠶᠠᠨ ᠤ ᠤᠯᠠᠭᠠᠨᠮᠥ᠋ᠴᠢᠷ ᠤᠨ ᠬᠢᠨ ᠭᠤᠴᠤ ᠰᠠᠶᠢᠬᠠᠨ ᠲᠣᠭᠯᠠᠯᠲᠠ ᠪᠠᠷ ᠢᠶᠠᠨ ᠦᠵᠡᠭᠴᠢ ᠲᠦᠮᠡᠨ ᠢᠶᠠᠨ ᠪᠠᠶᠠᠰᠬᠠᠵᠠᠢ  ᠃ ᠡᠭᠦᠨ ᠠᠴᠠ ᠭᠠᠳᠠᠨ᠎ᠠ ᠪᠠᠰᠠ ᠬᠥᠬᠡᠬᠤᠲᠠ ᠶᠢᠨ ᠪᠤᠳᠠᠰ ᠤᠨ ᠪᠤᠰᠤ ᠰᠤᠶᠤᠯ ᠤᠨ ᠥᠪ ᠤᠨ ᠤᠷᠠᠨ ᠪᠦᠲᠦᠭᠡᠯ ᠢ ᠲᠣᠭᠤᠷᠢᠨ ᠦᠵᠡᠭᠦᠯᠬᠦ ᠬᠥᠳᠡᠯᠭᠡᠭᠡᠨ ᠡᠷᠬᠢᠯᠡᠵᠦ᠂ ᠦᠵᠡᠭᠴᠢ ᠣᠯᠠᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠢ ᠣᠶᠢᠯᠠᠭᠠᠭᠤᠯᠤᠨ ᠤᠯᠠᠮᠵᠢᠯᠠᠪᠠ᠃      ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠬᠥᠳᠡᠯᠭᠡᠭᠡᠨ ᠨᠢ ᠬᠥᠬᠡᠬᠤᠲᠠ ᠶᠢᠨ ᠴᠠᠭᠠᠨ ᠰᠠᠷ᠎ᠠ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠣᠯᠠᠨ ᠲᠦᠮᠡᠨᠴᠢ ᠰᠣᠶᠣᠯ ᠤᠨ ᠰᠢᠷᠢᠰ ᠬᠥᠳᠡᠯᠭᠡᠭᠡᠨ ᠤ ᠨᠢᠭᠡ ᠪᠣᠯᠣᠨ᠎ᠠ᠃ ᠰᠤᠷᠪᠤᠯᠵᠢᠯᠠᠭᠴᠢ ᠮᠢᠶᠥᠥ ᠴᠢᠩ  ᠯᠢᠦ ᠴᠢᠩ ᠢᠦᠢ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号