ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2021/2/22
ᠸᠠᠩ ᠯᠢ ᠰᠢᠶᠠ  ᠾᠧ ᠬᠠᠢ ᠳ᠋ᠦᠩ  ᠶᠦᠨ ᠵᠢᠶᠠᠨ ᠳ᠋ᠦᠩ  ᠬᠤᠷᠠᠯ ᠳᠤ ᠣᠷᠣᠯᠴᠠᠵᠤ ᠪᠠᠶᠠᠷ ᠬᠦᠷᠭᠡᠪᠡ  ᠰᠦᠨ ᠵᠢᠶᠠᠨ ᠬᠤᠸᠠ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠬᠡᠯ ᠬᠢᠪᠡ  ᠯᠥᠸᠧ ᠯᠢᠨ ᠰᠠᠨᠠᠯ ᠳᠤᠷᠠᠳᠤᠯᠭ᠎ᠠ ᠶᠢᠨ ᠠᠵᠢᠯ ᠤᠨ ᠢᠯᠡᠳᠬᠡᠯ ᠬᠢᠪᠡ       ︵ᠰᠤᠷᠪᠤᠯᠵᠢᠯᠠᠭᠴᠢ ᠮᠢᠶᠥᠥ ᠴᠢᠩ︶ 2 ᠳ᠋ᠤᠭᠠᠷ ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠡᠬᠢᠯᠡᠪᠡ᠃ ᠳᠥᠷᠪᠡᠨ ᠡᠳᠦᠷ ᠤᠨ ᠬᠤᠷᠠᠯ ᠳᠤ᠂ ᠭᠡᠰᠢᠭᠦᠳ ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠨ᠂ ᠢᠳᠡᠪᠬᠢᠲᠡᠢ ᠰᠠᠨᠠᠯ ᠵᠥᠪᠯᠡᠯᠭᠡ ᠳᠡᠪᠰᠢᠭᠦᠯᠵᠦ᠂ ᠥᠷᠭᠡᠨ ᠢᠶᠠᠷ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠪᠣᠯᠤᠨ᠎ᠠ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠦᠨ ᠵᠢᠶᠠᠨ ᠬᠤᠸᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠪᠠᠢ ᠶᠦᠩ ᠫᠢᠩ᠂ ᠭᠠᠩ ᠪᠥᠬᠡ᠂ ᠵᠣᠣ ᠵᠢᠦ ᠵᠢᠦ᠂ ᠬᠤᠢ ᠯᠢ᠂ ᠭᠤᠤ ᠵᠧᠨ ᠸᠧᠢ᠂ ᠭᠥᠸᠧ ᠪᠢᠩ ᠱᠧᠩ᠂ ᠶᠦᠨ ᠺᠦᠢ᠂ ᠰᠦᠩ ᠬᠤᠢ᠂ ᠯᠥᠸᠧ ᠯᠢᠨ᠂ ᠨᠠᠷᠢᠨ ᠪᠢᠴᠢᠭ ᠤᠨ ᠳᠠᠷᠤᠭ᠎ᠠ ᠳ᠋ᠦᠩ ᠰᠠᠢ ᠯᠢ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠤᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠤᠷᠢᠯᠭ᠎ᠠ ᠪᠠᠷ ᠬᠤᠷᠠᠯ ᠳᠤ ᠣᠷᠣᠯᠴᠠᠵᠤ ᠲᠡᠷᠢᠭᠦᠯᠡᠭᠴᠢ ᠶᠢᠨ ᠲᠠᠶᠢᠰᠠᠨ ᠳᠤ ᠰᠠᠭᠤᠪᠠ᠃      ᠬᠤᠲᠠ ᠶᠢᠨ ᠤᠳᠤᠷᠢᠳᠤᠯᠭ᠎ᠠ ᠾᠧ ᠬᠠᠢ ᠳ᠋ᠦᠩ᠂ ᠶᠦᠨ ᠵᠢᠶᠠᠨ ᠳ᠋ᠦᠩ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠤᠪᠠ᠃      ᠦᠳᠡ ᠶᠢᠨ ᠡᠮᠦᠨ᠎ᠡ ᠶᠢᠨ 9 ᠴᠠᠭ ᠲᠤ᠂ ᠬᠤᠷᠠᠯ ᠰᠦᠷ ᠵᠢᠪᠬᠤᠯᠠᠩᠲᠤ ᠤᠯᠤᠰ ᠤᠨ ᠰᠦᠯᠲᠡ ᠳᠠᠭᠤᠤ ᠶᠢᠨ ᠠᠶᠠᠰ ᠳᠤᠮᠳᠠ ᠡᠬᠢᠯᠡᠪᠡ᠃      ᠬᠤᠢ ᠯᠢ ᠬᠤᠷᠠᠯ ᠢ ᠡᠷᠬᠢᠯᠡᠪᠡ᠃ ᠬᠤᠷᠠᠯ ᠠᠴᠠ ᠡᠩ ᠲᠡᠷᠢᠭᠦᠨ ᠳᠤ ᠤᠯᠤᠰ ᠲᠥᠷᠥᠯ ᠤᠨ ᠵᠥᠪᠯᠡᠯᠭᠡᠨ ᠤ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭ᠎ᠠ ᠶᠢᠨ ᠬᠤᠷᠢᠶᠠᠨ ᠤ ᠳᠥᠷᠪᠡᠳᠦᠭᠡᠷ ᠬᠤᠷᠠᠯ ᠤᠨ ᠵᠥᠪᠯᠡᠬᠦ ᠵᠦᠢᠯ ᠢ ᠪᠠᠲᠤᠯᠠᠪᠠ᠃      ᠰᠦᠨ ᠵᠢᠶᠠᠨ ᠬᠤᠸᠠ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭ᠎ᠠ ᠶᠢᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ᠂ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃ ᠲᠡᠷᠡ ᠬᠡᠯᠡᠬᠦ ᠳᠡᠭᠡᠨ᠂ 2020 ᠣᠨ ᠳᠤ᠂ ᠮᠠᠨ ᠤ ᠨᠠᠮ ᠪᠠ ᠤᠯᠤᠰ ᠲᠤᠶᠢᠯ ᠤᠨ ᠶᠡᠷᠦ ᠪᠤᠰᠤ ᠶᠢᠨ ᠶᠠᠪᠤᠴᠠ ᠶᠢ ᠥᠩᠭᠡᠷᠡᠭᠡᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ  ᠪᠦᠬᠦ ᠲᠠᠯ᠎ᠠ ᠶᠢ ᠵᠤᠬᠢᠴᠠᠭᠤᠯᠤᠨ᠂ ᠰᠢᠢᠳᠮᠡᠭᠡᠢ ᠰᠢᠢᠳᠪᠦᠷᠢᠲᠦ ᠪᠣᠳᠣᠯᠭ᠎ᠠ ᠲᠤᠭᠲᠠᠭᠠᠵᠤ᠂ ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠵᠦ᠂ ︽ᠳᠤᠮᠳᠠᠳᠤ ᠤᠯᠤᠰ ᠨᠡᠷᠡᠮᠵᠢᠲᠦ︾ ᠲᠣᠮᠣ ᠬᠥᠯᠭᠡ ᠶᠢ ᠵᠢᠯᠣᠭᠤᠳᠤᠨ ᠰᠠᠯᠬᠢ ᠳᠠᠪᠠᠯᠭᠠᠨ ᠢ ᠰᠥᠷᠦᠨ ᠠᠯᠤᠰ ᠢ ᠵᠣᠷᠢᠨ ᠯᠠᠪᠳᠠᠭᠤᠨ ᠤᠷᠤᠭᠰᠢᠯᠠᠪᠠ᠂ ᠴᠠᠭ ᠬᠤᠭᠤᠴᠠᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠬᠠᠲᠠᠭᠤᠵᠢᠯᠲᠠᠢ ᠲᠡᠮᠡᠴᠡᠨ᠂ ᠰᠢᠷᠭᠠᠭᠤ ᠠᠵᠢᠯᠯᠠᠵᠤ ᠪᠦᠲᠦᠭᠡᠭᠰᠡᠨ ᠶᠢᠷᠲᠢᠨᠴᠦ ᠶᠢᠨ ᠭᠠᠶᠢᠬᠠᠮᠰᠢᠭ ᠢ ᠭᠡᠷᠡᠴᠢᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠭᠦᠷᠭᠡ ᠲᠤᠰᠢᠶᠠᠯ ᠢᠶᠠᠨ ᠭᠦᠢᠴᠡᠳᠬᠡᠨ ᠢᠲᠡᠭᠡᠯ ᠲᠡᠭᠦᠯᠳᠡᠷ ᠤᠷᠤᠭᠰᠢᠯᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠤᠯᠤᠰ ᠲᠥᠷᠥ ᠶᠢᠨ ᠵᠥᠪᠯᠡᠯᠭᠡᠨ ᠤ ᠡᠭᠦᠷᠭᠡᠯᠡᠯ ᠢ ᠬᠠᠷᠠᠭᠤᠯᠵᠤ᠂ ᠲᠥᠪ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠠᠵᠢᠯ ᠳᠤᠮᠳᠠ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠭᠠᠷᠭᠠᠵᠤ᠂ ᠲᠥᠪ ᠬᠤᠲᠠ ᠶᠢᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠰᠢᠢᠳᠪᠦᠷᠢᠲᠦ ᠲᠠᠶᠢᠯᠠᠯᠳᠤᠭᠠᠨ ᠬᠢᠬᠦ ᠡᠭᠦᠷᠭᠡ ᠬᠠᠷᠠᠯᠲᠠ ᠶᠢ ᠪᠡᠶᠡᠯᠡᠭᠦᠯᠬᠦ  ᠶᠢ ᠠᠬᠢᠭᠤᠯᠬᠤ ᠲᠤᠮᠳᠠ ᠤᠯᠤᠰ ᠲᠥᠷᠥ ᠶᠢᠨ ᠵᠥᠪᠯᠡᠯᠭᠡᠨ ᠤ ᠵᠢᠳᠬᠦᠯ ᠴᠢᠷᠮᠠᠶᠢᠯᠭ᠎ᠠ ᠶᠢ ᠬᠠᠷᠠᠭᠤᠯᠪᠠ ᠭᠡᠵᠡᠢ᠃      ᠰᠦᠨ ᠵᠢᠶᠠᠨ ᠬᠤᠸᠠ ᠵᠢᠭᠠᠬᠤ ᠳᠠᠭᠠᠨ᠂ ᠨᠢᠭᠡ ᠵᠢᠯ ᠤᠨ ᠲᠤᠷᠰᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠲᠣᠭᠲᠠᠭᠤᠨ ᠤ ᠳᠤᠮᠳᠠ ᠳᠠᠪᠰᠢᠯᠲᠠ ᠲᠠᠢ ᠰᠠᠶᠢᠨ ᠰᠠᠶᠢᠬᠠᠨ ᠪᠠᠶᠢᠳᠠᠯ ᠢᠯᠡᠷᠡᠪᠡ᠃ ᠪᠦᠬᠦ ᠬᠤᠲᠠ ᠶᠢᠨ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠯᠤᠰ ᠲᠥᠷᠥ ᠶᠢᠨ ᠵᠢᠯᠣᠭᠤᠳᠤᠯᠭ᠎ᠠ ᠪᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠨᠡᠩ ᠬᠦᠴᠦ ᠲᠠᠢ ᠲᠦᠯᠬᠢᠨ ᠠᠬᠢᠭᠤᠯᠪᠠ︔ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠰᠠᠨᠠᠯ ᠵᠥᠪᠯᠡᠯᠭᠡ ᠳᠡᠪᠰᠢᠭᠦᠯᠦᠨ ᠵᠠᠰᠠᠭ ᠲᠤ ᠵᠥᠪᠯᠡᠬᠦ ᠶᠢ ᠨᠡᠩ ᠣᠨᠣᠪᠴᠢᠲᠠᠢ ᠪᠣᠯᠭᠠᠪᠠ︔ ᠠᠷᠠᠳᠴᠢᠯᠠᠯ ᠪᠦᠯᠬᠦᠮᠳᠡᠯ ᠢ ᠡᠵᠡᠮᠰᠢᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠨᠡᠩ ᠥᠷᠭᠡᠨ ᠳᠡᠯᠭᠡᠷ ᠪᠣᠯᠭᠠᠪᠠ︔ ᠠᠷᠠᠳ ᠲᠦᠮᠡᠨ ᠢ ᠳᠡᠭᠡᠳᠦᠯᠡᠵᠦ᠂ ᠠᠷᠠᠳ ᠲᠦᠮᠡᠨ ᠤ ᠲᠥᠯᠥᠭᠡ ᠬᠠᠷᠢᠭᠤᠴᠠᠯᠭ᠎ᠠ ᠭᠦᠢᠴᠡᠳᠬᠡᠬᠦ ᠶᠢ ᠨᠡᠩ ᠪᠤᠳᠠᠳᠤ ᠦᠷ᠎ᠡ ᠪᠦᠲᠦᠮᠵᠢᠲᠡᠢ ᠪᠣᠯᠭᠠᠪᠠ︔  ᠲᠥᠪ ᠶᠤᠰᠤ ᠶᠢ ᠪᠠᠷᠢᠮᠳᠠᠯᠠᠵᠤ ᠰᠢᠨ᠎ᠡ ᠶᠢ ᠡᠭᠦᠳᠬᠦ ᠶᠢ ᠠᠳᠬᠤᠨ᠂ ᠥᠪᠡᠷ ᠤᠨ ᠪᠦᠲᠦᠭᠡᠨ ᠪᠠᠶᠢᠭᠤᠯᠤᠯᠲᠠ ᠶᠢ ᠨᠡᠩ ᠠᠮᠢᠵᠢᠷᠠᠯ ᠤᠨ ᠬᠦᠴᠦᠨ ᠲᠠᠢ ᠪᠣᠯᠭᠠᠪᠠ ᠭᠡᠵᠡᠢ᠃      2021 ᠣᠨ ᠤ ᠠᠵᠢᠯ ᠤᠨ ᠲᠤᠬᠠᠢ᠂ ᠰᠦᠨ ᠵᠢᠶᠠᠨ ᠬᠤᠸᠠ ᠴᠢᠬᠤᠯᠠᠴᠢᠯᠠᠭᠰᠠᠨ ᠨᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠤᠯᠠᠮ ᠨᠢᠭᠡ ᠠᠯᠬᠤᠮ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠵᠦ︾᠂ ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠬᠤ ᠴᠢᠬᠤᠯᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠪᠠ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠦᠭᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠴᠢᠩᠭᠠᠳᠬᠠᠬᠤ ᠪᠠ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠳᠡᠭᠡᠷ᠎ᠡ ᠨᠡᠩ ᠢᠯᠡᠬᠦᠦ ᠬᠠᠷᠢᠭᠤᠴᠠᠯᠭ᠎ᠠ ᠡᠭᠦᠷᠭᠡᠯᠡᠵᠦ᠂ ᠲᠤᠰᠬᠠᠶᠢᠯᠠᠭᠰᠠᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠬᠤ ᠳᠡᠭᠡᠷ᠎ᠡ ᠦᠷᠭᠦᠯᠵᠢᠯᠡᠨ ᠨᠡᠩ ᠢᠯᠡᠭᠦᠦ ᠠᠮᠵᠢᠯᠲᠠ ᠭᠠᠷᠭᠠᠵᠤ᠂ ᠣᠳᠣᠬᠢᠴᠢᠯᠠᠭᠰᠠᠨ ᠲᠥᠪ ᠬᠤᠲᠠ ᠶᠢ ᠪᠦᠲᠦᠭᠡᠨ ᠪᠠᠶᠢᠭᠤᠯᠬᠤ᠂ ︽ᠦᠵᠡᠮᠵᠢᠲᠦ ᠰᠠᠶᠢᠬᠠᠨ ᠬᠥᠬᠡᠬᠤᠲᠠ᠂ ᠥᠨᠢᠷ ᠪᠠᠶᠠᠯᠢᠭ ᠲᠠᠯ᠎ᠠ ᠶᠢᠨ ᠬᠤᠲᠠ︾ ᠶᠢ ᠡᠭᠦᠳᠦᠨ ᠪᠠᠶᠢᠭᠤᠯᠬᠤ ᠳᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠬᠦᠴᠦᠨ ᠴᠢᠳᠠᠯ ᠢ ᠨᠢᠭᠡᠳᠬᠡᠨ᠎ᠡ ᠭᠡᠵᠡᠢ᠃      ᠯᠥᠸᠧ ᠯᠢᠨ ᠤᠯᠤᠰ ᠲᠥᠷᠥ ᠶᠢᠨ ᠵᠥᠪᠯᠡᠯᠭᠡᠨ ᠤ ᠬᠦᠬᠡᠬᠤᠲᠠ ᠶᠢᠨ ᠬᠤᠷᠢᠶ᠎ᠠ ᠵᠢᠨ‌ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠮᠡᠳᠡᠭᠦᠯᠦᠯᠲᠡ ᠬᠢᠪᠡ᠃ ᠲᠡᠷᠡ ᠬᠡᠯᠡᠬᠦ ᠳᠡᠭᠡᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠠᠴᠠ ᠨᠠᠭᠠᠰᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠡ ᠪᠠ ᠡᠯ᠎ᠡ ᠲᠤᠰᠬᠠᠢ ᠵᠥᠪᠯᠡᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠪᠠ ᠠᠷᠠᠳ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠤᠨ᠂ ᠰᠠᠨᠠᠯ ᠳᠤᠷᠠᠳᠤᠯᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠲᠡ 563 ᠬᠤᠪᠢ ᠰᠠᠨᠠᠯ ᠳᠤᠷᠠᠳᠤᠯᠭ᠎ᠠ ᠭᠠᠷᠭᠠᠵᠤ᠂ ᠡᠭᠦᠨ ᠤ ᠳᠣᠲᠣᠷ᠎ᠠ ᠶᠡᠭᠡ ᠬᠤᠷᠠᠯ ᠤᠨ ᠰᠠᠨᠠᠯ ᠳᠤᠷᠠᠳᠤᠯᠭ᠎ᠠ 531 ᠬᠤᠪᠢ᠂ ᠡᠩ ᠤᠨ ᠴᠠᠭ ᠤᠨ ᠰᠠᠨᠠᠯ ᠳᠤᠷᠠᠳᠤᠯᠭ᠎ᠠ 32 ᠬᠤᠪᠢ᠂ ᠬᠢᠨᠠᠨ ᠪᠠᠶᠢᠴᠠᠭᠠᠵᠤ ᠬᠡᠷᠡᠭ ᠪᠣᠯᠭᠠᠨ ᠳᠠᠩᠰᠠᠯᠠᠭᠰᠠᠨ ᠨᠢ 495 ᠬᠤᠪᠢ᠂ ᠬᠡᠷᠡᠭ ᠢᠶᠠᠷ ᠨᠡᠶᠢᠯᠡᠭᠦᠯᠦᠭᠰᠡᠨ ᠨᠢ 27 ᠬᠤᠪᠢ᠃ ᠡᠳᠡᠭᠡᠷ ᠰᠠᠨᠠᠯ ᠳᠤᠷᠠᠳᠤᠯᠭ᠎ᠠ ᠶᠢ 86 ᠳᠠᠭᠠᠭᠠᠨ ᠭᠦᠢᠴᠡᠳᠬᠡᠬᠦ ᠨᠢᠭᠡᠴᠡ ᠳᠤ ᠲᠤᠰᠢᠶᠠᠨ ᠰᠢᠢᠳᠪᠦᠷᠢᠯᠡᠭᠦᠯᠵᠦ᠂ ᠰᠢᠢᠳᠪᠦᠷᠢᠯᠡᠭᠰᠡᠨ ᠨᠣᠷᠮ᠎ᠠ 100% ᠳᠤ ᠬᠦᠷᠪᠡ ᠭᠡᠵᠡᠢ᠃      ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠤᠭᠰᠠᠨ ᠬᠥᠮᠥᠰ ᠲᠤ ᠪᠠᠰᠠ ᠴᠠᠩ ᠫᠧᠢ ᠵᠦᠩ᠂ ᠯᠢ ᠵᠢᠶᠦ᠋ᠩ᠂ ᠶᠦᠨ ᠬᠠᠢ᠂ ᠰᠦᠨ ᠪᠢᠩ ᠸᠧᠨ᠂ ᠯᠢᠦ ᠴᠧᠩ ᠮᠢᠨ᠂ ᠦ᠋ ᠸᠧᠨ ᠮᠢᠩ᠂ ᠰᠡᠴᠡᠨᠪᠢᠯᠢᠭ᠂ ᠯᠠᠨ ᠹᠧᠩ᠂ ᠮᠠ ᠬᠤᠢ ᠵᠢᠶᠦ᠋ᠨ᠂ ᠭᠥᠸᠧ ᡁᠢ ᠭᠠᠩ᠂ ᠯᠤ᠋ ᠵᠢᠶᠠᠨ ᠵᠢᠶᠦ᠋ᠨ᠂ ᠵᠠᠩ ᠬᠤᠩ ᠰᠢᠶᠠ᠂ ᠰᠢᠦᠢ ᠷᠦᠢ ᠰᠢᠶᠠ᠂ ᠪᠢ ᠭᠥᠸᠧ ᠴᠧᠨ᠂ ᠮᠠᠤ ᠪᠣᠣ ᠹᠧᠩ᠂ ᠶᠦᠨ ᠰᠢᠨ ᠮᠢᠩ᠂ ᠴᠢᠶᠥᠥ ᠶᠦᠨ ᠯᠢ᠂ ᠵᠠᠩ ᠭᠥᠸᠧ ᠫᠢᠩ᠂ ᠵᠣᠣ ᠰᠢ ᠮᠢᠨ᠂ ᠵᠠᠩ ᠵᠦᠩ ᠮᠢᠩ᠂ ᠼᠣᠣ ᠬᠤᠩ᠂ ᠵᠠᠩ ᠢᠦᠢ ᠵᠤ᠋᠂ ᠯᠢ ᠰᠢᠶᠥᠥ ᠳ᠋ᠦᠩ᠂ ᠵᠣ᠋ ᠵᠢᠶᠠᠨ ᠭᠥᠸᠧ᠂ ᠶᠢᠨ ᠴᠦᠨ ᠯᠢᠶᠠᠩ ᠪᠠᠶᠢᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号