| | | ᠰᠢᠨ᠎ᠡ ᠴᠠᠭ ᠦᠶ᠎ᠡ ᠳᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠬᠠᠮᠳᠤᠪᠡᠷ ᠤᠷᠤᠭᠰᠢᠯᠠᠵᠤ᠂ ᠰᠢᠨ᠎ᠡ | ᠠᠶᠠᠨ ᠳᠤ ᠤᠭ ᠰᠠᠨᠠᠭ᠎ᠠ ᠪᠠᠨ ᠪᠠᠲᠤ ᠴᠡᠭᠡᠵᠢᠯᠡᠨ ᠳᠠᠬᠢᠨᠲᠠ ᠮᠣᠷᠳᠠᠶ᠎ᠠ᠃ 2 ᠳ᠋ᠤᠭᠠᠷ ᠰᠠᠷ᠎ᠠ ᠶᠢᠨ 22 ᠤᠨ | ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ | ᠲᠠᠩᠬᠢᠮ ᠳᠤ ᠦᠪᠡᠳᠡᠭᠰᠢ ᠡᠬᠢᠯᠡᠵᠦ᠂ ᠲᠥᠪ ᠬᠤᠲᠠ ᠶᠢᠨ ᠡᠯ᠎ᠡ ᠠᠵᠢᠯ ᠲᠥᠷᠥᠯ ᠤᠨ 300 ᠭᠠᠷᠤᠢ ᠠᠷᠠᠳ ᠤᠨ | ᠲᠥᠯᠥᠭᠡᠯᠡᠭᠴᠢ ᠪᠦᠬᠦ ᠬᠤᠲᠠ ᠶᠢᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠪᠦᠷᠯᠡᠨ ᠨᠢᠭᠡᠨ ᠲᠠᠩᠬᠢᠮ᠎ᠠ | ᠴᠤᠭᠯᠠᠷᠠᠵᠤ᠂ ᠬᠠᠮᠲᠤᠪᠠᠷ ᠤᠯᠤᠰ ᠤᠨ ᠶᠠᠪᠤᠳᠠᠯ ᠢ ᠵᠥᠪᠯᠡᠪᠡ᠃ | ᠦᠳᠡ ᠶᠢᠨ ᠡᠮᠦᠨ᠎ᠡ ᠶᠢᠨ 8᠄ 30 ᠳᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠲᠡ | ᠳᠠᠭᠤᠤ ᠶᠢᠨ ᠠᠶᠠᠰ ᠳᠤᠮᠳᠠ ᠡᠬᠢᠯᠡᠪᠡ᠃ | ᠲᠤᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 334 ᠬᠥᠮᠥᠨ᠂ ᠪᠣᠳᠠᠲᠠᠢ | 308 ᠲᠥᠯᠥᠭᠡᠯᠡᠭᠴᠢ ᠣᠷᠣᠯᠴᠠᠵᠤ᠂ ᠬᠠᠤᠯᠢ ᠳᠤ ᠲᠣᠭᠲᠠᠭᠰᠠᠨ ᠬᠥᠮᠥᠨ ᠤ ᠲᠤᠭ᠎ᠠ ᠳᠤ ᠬᠦᠷᠴᠡᠢ᠃ | ᠬᠤᠷᠠᠯ ᠠᠴᠠ ᠣᠷᠣᠯᠠᠭᠴᠢ ᠬᠤᠲᠠ ᠶᠢᠨ ᠳᠠᠷᠤᠭ᠎ᠠ ᠾᠧ ᠬᠠᠢ ᠳ᠋ᠦᠩ ᠤᠨ ᠬᠤᠲᠠ ᠵᠢᠨᠵᠠᠰᠠᠭ ᠤᠨ | ᠣᠷᠳᠣᠨ ᠢ ᠲᠥᠯᠥᠭᠡᠯᠡᠨ ᠶᠡᠭᠡ ᠬᠤᠷᠠᠯ ᠳᠤ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠪᠠ᠃ | ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠬᠤᠷᠠᠯ ᠠᠴᠠ ︽ᠬᠥᠬᠡᠬᠤᠲᠠ ᠶᠢᠨ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ | ᠬᠢᠭᠡᠳ 2035 ᠣᠨ ᠤ ᠬᠤᠯᠠ ᠶᠢᠨ ᠬᠠᠷᠠᠯᠲᠠ ᠶᠢᠨ ᠬᠥᠲᠥᠯᠪᠦᠷᠢ ︵ᠲᠥᠰᠥᠯ︶︾ ︽ᠬᠥᠬᠡᠬᠤᠲᠠ ᠶᠢᠨ | 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ︾ ︽ ᠬᠥᠬᠡᠬᠤᠲᠠ ᠶᠢᠨ 2020 ᠣᠨ ᠤ | ᠲᠥᠰᠥᠪ ᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠲᠥᠰᠥᠪ ᠤᠨ ᠮᠡᠳᠡᠭᠦᠯᠦᠯᠲᠡ︾ ᠶᠢ ᠬᠢᠨᠠᠨ | ᠪᠠᠶᠢᠴᠠᠭᠠᠪᠠ︔ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ | ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ︵ᠲᠥᠰᠥᠯ︶︾ ᠶᠢᠨ | ᠲᠣᠳᠣᠷᠬᠠᠶᠢᠯᠠᠯᠲᠠ ᠬᠢᠭᠡᠳ ︽ᠬᠥᠬᠡᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶︾ | ᠤᠨ ᠲᠣᠳᠣᠷᠬᠠᠶᠢᠯᠠᠯᠲᠠ ᠶᠢ ᠰᠣᠨᠣᠰᠪᠠ᠃ ︵ᠰᠤᠷᠪᠤᠯᠵᠢᠯᠠᠭᠴᠢ ᠹᠧᠩ ᠶᠠᠨ ᠫᠢᠩ ᠯᠢ ᠬᠠᠢ ᠵᠧᠨ ᠰᠢᠦᠢ ᠲᠢᠩ︶ | |