ᠬᠤᠷᠢᠨᠭᠡᠷ ᠰᠢᠶᠠᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/23
     2 ᠳ᠋ᠤᠭᠠᠷ ᠰᠠᠷ᠎ᠠ ᠶᠢᠨ 20 ᠤ ᠡᠳᠦᠷ᠂ ᠬᠤᠷᠢᠨᠭᠡᠷ ᠰᠢᠶᠠᠨ ᠨᠤᠲᠤᠭ ᠪᠡᠯᠴᠢᠭᠡᠷ ᠣᠶᠢᠲᠤ ᠭᠠᠵᠠᠷ ᠢ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠣᠷᠢᠵᠢᠭᠤᠯᠵᠤ᠂ ᠮᠠᠨ ᠤ ᠰᠢᠶᠠᠨ ᠤ ᠲᠤᠰᠬᠠᠢ ᠴᠡᠭᠴᠡᠯᠡᠨ ᠵᠠᠰᠠᠬᠤ ᠠᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠪᠡ᠃ ᠰᠢᠶᠠᠨ ᠤ ᠨᠠᠮ ᠤᠨ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠤᠤ ᠹᠧᠩ᠂ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ ᠬᠤᠷᠠᠯ ᠳᠤ ᠣᠷᠣᠯᠴᠠᠪᠠ᠃ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠠᠩ ᠵᠢᠶᠠᠨ ᠴᠢᠩ ᠬᠤᠷᠠᠯ ᠡᠷᠭᠢᠯᠡᠪᠡ᠃      ᠬᠤᠷᠠᠯ ᠳᠡᠭᠡᠷ᠎ᠡ᠂ ᠭᠤᠤ ᠹᠧᠩ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠬᠡᠷᠬᠢᠨ ᠭᠦᠢᠴᠡᠳᠬᠡᠬᠦ᠂ ᠪᠦᠬᠦ ᠰᠢᠶᠠᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠳᠤᠮᠳᠠᠬᠢ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠵᠡᠷᠭᠡ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ︔ ᠭᠦᠸᠧ ᠸᠧᠨ ᠵᠢᠶᠦ᠋ᠨ ᠬᠤᠯᠪᠣᠭᠳᠠᠯ ᠪᠥᠬᠦᠶ ᠠᠵᠢᠯ ᠤᠨ ᠲᠤᠬᠠᠶ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ︔ ᠰᠢᠶᠠᠨ ᠤ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ︽ᠬᠤᠷᠢᠨᠭᠡᠷ ᠰᠢᠶᠠᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾ ᠤᠨ ᠲᠤᠬᠠᠶ ᠲᠣᠳᠣᠷᠬᠠᠶᠢᠯᠠᠯᠲᠠ ᠬᠢᠪᠡ᠃      ᠬᠤᠷᠠᠯ ᠠᠴᠠ᠂ ᠤᠯᠤᠰ ᠲᠥᠷᠥ ᠶᠢᠨ ᠬᠢᠨᠠᠯᠲᠠ ᠶᠢ ᠴᠢᠩᠭᠠᠷᠠᠭᠤᠯᠵᠤ᠂ ᠤᠯᠤᠰ ᠲᠦᠷᠣ ᠶᠢᠨ ᠰᠠᠬᠢᠯᠭ᠎ᠠ ᠪᠠᠲᠤ ᠪᠣᠯᠣᠨ ᠤᠯᠤᠰ ᠲᠦᠷᠥ ᠶᠢᠨ ᠳᠦᠷᠢᠮ ᠲᠣᠭᠲᠠᠭᠠᠯ ᠢ ᠲᠦᠪᠯᠡᠷᠡᠭᠦᠯᠵᠦ᠂ ᠭᠤᠤᠯ ᠬᠠᠷᠢᠭᠤᠴᠠᠯᠭᠠᠲᠤ ᠰᠠᠯᠠᠭ᠎ᠠ ᠮᠥᠴᠢᠷ ᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠤᠯᠤᠰ ᠲᠦᠷᠥ ᠶᠢᠨ ᠬᠠᠷᠢᠭᠤᠴᠠᠯᠭ᠎ᠠ ᠶᠢᠨ ᠨᠠᠷᠢᠨ ᠬᠠᠭᠤᠲᠠᠰᠤ ᠳᠤ ᠣᠷᠣᠭᠤᠯᠣᠨ᠂ ᠬᠢᠨᠠᠯᠲᠠ ᠶᠢᠨ ᠦᠷ᠎ᠡ ᠳ᠋ᠦᠩ ᠢ ᠤᠯᠤᠰ ᠲᠥᠷᠥ ᠶᠢᠨ ᠠᠮᠢ ᠠᠬᠤᠶ ᠶᠢᠨ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠠᠭᠤᠯᠭ᠎ᠠ ᠳᠤ ᠣᠷᠣᠭᠤᠯᠬᠤ ᠬᠡᠷᠡᠭᠲᠡᠶ᠃ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠲᠤᠰᠬᠠᠶ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ᠴᠡᠭᠴᠡᠯᠡᠨ ᠵᠠᠰᠠᠬᠤ ᠠᠵᠢᠯᠯᠠᠭ᠎ᠠ ᠶᠢ ᠡᠳᠦᠷ ᠲᠤᠲᠤᠮ ᠤᠨ ᠬᠢᠨᠠᠯᠲᠠ ᠲᠠᠯᠪᠢᠬᠤ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠲᠠᠢ ᠨᠢᠭᠲᠠ ᠤᠶᠠᠯᠳᠤᠭᠤᠯᠬᠤ ᠬᠡᠷᠡᠭᠲᠡᠶ᠃ ᠦᠷᠭᠦᠯᠵᠢᠯᠡᠨ ᠭᠦᠨᠵᠡᠭᠡᠶ ᠠᠭᠤᠳᠠᠯᠤᠨ ᠲᠦᠢᠯᠪᠤᠷᠢᠲᠠᠶ ᠪᠠᠶᠢᠴᠠᠭᠠᠵᠤ᠂ ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠭᠦᠯᠦᠯᠲᠡ ᠪᠠ ᠬᠢᠨᠠᠯᠲᠠ ᠪᠠᠶᠢᠴᠠᠭᠠᠯᠲᠠ ᠶᠢ ᠭᠦᠢᠴᠡᠳ ᠠᠰᠢᠭᠯᠠᠨ ᠰᠦᠪᠡᠭᠴᠢ ᠣᠯᠵᠤ᠂ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠤᠴᠢᠷ ᠶᠠᠪᠤᠳᠠᠯ ᠢ ᠬᠡᠷᠡᠭ ᠪᠣᠯᠭᠠᠨ ᠳᠡᠩᠰᠡᠯᠡᠵᠦ᠂ ᠬᠠᠷᠢᠭᠤᠴᠠᠯᠭ᠎ᠠ ᠶᠢ ᠭᠡᠳᠡᠷᠭᠦ ᠨᠡᠬᠡᠮᠵᠢᠯᠡᠬᠦ ᠬᠡᠷᠡᠭᠲᠡᠶ᠃ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢᠵᠢᠯ ᠤᠨ ᠰᠡᠳᠬᠢᠬᠦᠢ ᠪᠣᠯᠤᠨ ᠠᠷᠭ᠎ᠠ ᠬᠡᠯᠪᠡᠷᠢ ᠶᠢ ᠴᠢᠳᠠᠮᠠᠭᠠᠢ ᠬᠡᠷᠡᠭᠯᠡᠵᠦ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ ᠦᠷᠭᠦᠯᠵᠢᠯᠡᠨ ᠪᠠᠷᠢᠮᠲᠠᠯᠠᠬᠤ ᠬᠡᠷᠡᠭᠲᠡᠢ ᠭᠡᠵᠦ ᠴᠢᠩᠭᠠᠳᠬᠠᠬᠰᠠᠨ ᠪᠠᠶᠢᠨ᠎ᠠ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠶᠢᠨ ᠨᠠᠶᠢᠳᠠᠪᠣᠷᠢᠵᠢᠭᠤᠯᠣᠯᠲᠠ ᠶᠢ ᠰᠠᠶᠢᠲᠣᠷ ᠠᠳᠬᠤᠵᠤ᠂ ᠲᠣᠰᠬᠠᠢ ᠴᠡᠭᠴᠡᠯᠡᠨ ᠵᠠᠰᠠᠬᠤ ᠠᠵᠢᠯ ᠢ ᠰᠠᠶᠢᠲᠣᠷ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭᠠᠲᠣ ᠰᠡᠳᠬᠢᠯᠭᠡ ᠶᠢ ᠴᠢᠩᠭᠠᠷᠠᠭᠤᠯᠵᠤ᠂ ᠲᠣᠰᠬᠠᠢ ᠴᠡᠭᠴᠡᠯᠡᠨ ᠵᠠᠰᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠪᠡᠶᠡᠯᠡᠭᠦᠯᠵᠦ᠂ ᠪᠠᠶᠢᠴᠠᠭᠠᠨ ᠭᠠᠷᠭᠠᠭᠰᠠᠨ ᠠᠰᠠᠭᠤᠳᠠᠯ ᠢ ᠦᠨᠳᠦᠰᠦᠯᠡᠨ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠵᠤ᠂ ᠴᠡᠭᠴᠡᠯᠡᠨ ᠵᠠᠰᠠᠬᠤ ᠡᠭᠦᠷᠭᠡ᠂ ᠪᠣᠳᠠᠲᠠᠶ ᠬᠠᠷᠢᠭᠤᠴᠠᠯᠭᠠᠲᠠᠨ ᠪᠣᠯᠤᠨ ᠴᠠᠭ ᠤᠨ ᠬᠦᠰᠦᠨᠦᠭᠲᠦ ᠶᠢ ᠵᠤᠷᠪᠤᠰ ᠳᠠᠷᠠᠭᠠᠯᠠᠨ ᠲᠣᠳᠣᠷᠬᠠᠶᠢᠯᠠᠵᠤ᠂ ᠴᠠᠭ ᠲᠤᠬᠠᠶ ᠳᠤᠨᠢ ᠴᠡᠭᠴᠡᠯᠡᠨ ᠵᠠᠰᠠᠬᠤ ᠬᠡᠷᠡᠭᠲᠡᠶ᠃ ᠰᠢᠮᠳᠠᠭᠤᠯᠤᠨ ᠪᠠᠶᠢᠴᠠᠭᠠᠬᠤ ᠶᠢ ᠴᠢᠩᠳᠠᠯᠠᠵᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ᠂ ᠰᠥᠷᠥᠨ ᠬᠡᠷᠡᠭ ᠭᠠᠷᠭᠠᠵᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠶ︔ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠶ᠂ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠢᠶᠠᠷ ᠬᠦᠴᠦᠨ ᠦᠭᠡᠶ ᠰᠢᠶᠠᠩ ᠪᠠᠯᠭᠠᠰᠤ ᠬᠦᠷᠢᠶᠡᠯᠡᠩ ᠲᠣᠭᠤᠷᠢᠭ ᠪᠣᠯᠤᠨ ᠰᠠᠯᠠᠭ᠎ᠠ ᠮᠥᠴᠢᠷ ᠢ ᠵᠠᠷᠯᠠᠨ ᠮᠡᠳᠡᠭᠳᠡᠨ᠂ ᠪᠣᠯᠵᠣᠨ ᠶᠠᠷᠢᠯᠴᠠᠵᠤ᠂ ᠰᠢᠮᠳᠠᠭᠤᠯᠤᠨ ᠭᠦᠢᠴᠡᠳᠬᠡᠯᠭᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠲᠤ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠰᠠᠨᠠᠭᠤᠯᠭ᠎ᠠ ᠳᠤᠷᠠᠳᠬᠤ ᠬᠡᠷᠡᠭᠲᠡᠶ᠃ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠂ ᠡᠯ᠎ᠡ ᠰᠠᠯᠠᠭ᠎ᠠ ᠮᠥᠴᠢᠷ ᠤᠳ ᠰᠦᠪᠡᠭᠴᠢ ᠶᠢ ᠰᠢᠯᠵᠢᠭᠦᠯᠦᠨ ᠬᠦᠷᠭᠡᠬᠦ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠬᠠᠮᠲᠤᠷᠠᠨ ᠬᠠᠤᠯᠢ ᠬᠡᠷᠡᠭᠵᠢᠭᠦᠯᠬᠦ᠂ ᠬᠠᠮᠲᠤᠷᠠᠨ ᠬᠡᠷᠡᠭ ᠰᠢᠢᠳᠪᠦᠷᠢᠯᠡᠬᠦ᠂ ᠰᠢᠮᠳᠠᠭᠤᠯᠤᠨ ᠭᠦᠢᠴᠡᠳᠬᠡᠯᠭᠡᠬᠦ ᠵᠡᠷᠭᠡ ᠲᠠᠯ᠎ᠠ ᠪᠠᠷ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠳᠤ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠢ ᠤᠬᠠᠮᠰᠠᠷ ᠠᠴᠠ ᠪᠠᠨ ᠢᠳᠡᠪᠬᠢᠲᠡᠶ ᠳᠡᠮᠵᠢᠨ ᠬᠠᠮᠵᠢᠯᠴᠠᠬᠤ ᠶᠢᠨ ᠬᠠᠮᠲᠤ ᠲᠠᠶᠢᠯᠪᠤᠷᠢᠯᠠᠵᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠨᠡᠶᠢᠭᠡᠮ ᠨᠡᠶᠢᠲᠡ ᠳᠤ ᠲᠤᠰᠬᠠᠶ ᠴᠡᠭᠴᠡᠯᠡᠨ ᠵᠠᠰᠠᠬᠤ ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠭᠦᠯᠬᠦ ᠤᠲᠠᠰᠤ᠂ ᠵᠠᠬᠢᠳᠠᠯ ᠤᠨ ᠬᠠᠶᠢᠷᠴᠠᠭ ᠢ ᠨᠡᠶᠢᠲᠡᠯᠡᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨᠠᠯᠲᠠ ᠶᠢ ᠬᠦᠯᠢᠶᠡᠬᠦ ᠬᠡᠷᠡᠭᠲᠡᠶ᠃      ᠬᠤᠷᠠᠯ ᠠᠴᠠ᠂ ᠡᠯ᠎ᠡ ᠲᠤᠰᠬᠠᠢ ᠳᠤᠭᠤᠶᠢᠯᠠᠩ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠰᠢᠶᠠᠩ ᠪᠠᠯᠭᠠᠰᠤ᠂ ᠡᠯ᠎ᠡ ᠬᠦᠷᠢᠶᠡᠯᠡᠩ ᠲᠤᠭᠤᠷᠢᠭ ᠲᠣᠰᠬᠠᠢ ᠴᠡᠭᠴᠡᠯᠡᠨ ᠵᠠᠰᠠᠬᠤ ᠠᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠣᠯᠣᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠰᠣᠳᠣᠯᠵᠤ᠂ ᠲᠣᠬᠢᠷᠠᠭᠤᠯᠣᠯᠲᠠ ᠪᠠᠶᠢᠷᠢᠯᠠᠭᠤᠯᠣᠯᠲᠠ ᠶᠢ ᠠᠮᠵᠢᠭᠤᠯᠣᠨ ᠬᠢᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠷ ᠨᠠᠷᠢᠨ ᠨᠢᠮᠪᠠᠢ ᠲᠤᠬᠢᠷᠠᠭᠤᠯᠤᠨ ᠪᠠᠶᠢᠷᠢᠯᠠᠭᠤᠯᠵᠤ᠂ ᠪᠦᠬᠦ ᠬᠦᠴᠦᠨ ᠢᠶᠠᠷ ᠢᠶᠠᠨ ᠪᠠᠲᠤᠯᠠᠨ ᠠᠬᠢᠭᠤᠯᠵᠤ᠂ ᠭᠤᠣᠯᠳᠠᠯᠭ᠎ᠠ ᠲᠠᠢ ᠡᠭᠦᠷᠭᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠲᠤᠰᠬᠠᠢ ᠴᠡᠭᠴᠡᠯᠡᠨ ᠵᠠᠰᠠᠬᠤ ᠠᠵᠢᠯ ᠤᠨ ᠡᠨᠡ ᠬᠦ ᠬᠠᠲᠠᠭᠤ ᠳᠠᠶᠢᠯᠠᠯᠳᠤᠭᠠᠨ ᠢ ᠲᠡᠷᠡ ᠶᠣᠰᠣᠭᠠᠷ ᠨᠢ ᠰᠠᠶᠢᠲᠤᠷ ᠬᠢᠵᠦ᠂ ᠮᠠᠨ ᠤ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠤᠨ ᠣᠳᠣᠬᠠᠨ ᠤ ᠪᠠ ᠠᠯᠤᠰ ᠬᠡᠳᠤ ᠶᠢᠨ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃      ᠰᠢᠶᠠᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ᠂ ᠡᠯ᠎ᠡ ᠲᠤᠰᠬᠠᠶ ᠠᠵᠢᠯ ᠤᠨ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号