ᠾᠧ ᠬᠠᠢ ᠳ᠋ᠦᠩ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠭᠤᠶᠢᠯᠠᠩ ᠬᠤᠯᠪᠣᠭᠠᠯᠠᠨ ᠶᠠᠷᠢᠯᠴᠠᠬᠤ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠬᠦᠴᠦᠨ ᠴᠢᠳᠠᠯ ᠢ ᠨᠢᠭᠡᠳᠬᠡᠵᠦ ︽ᠦᠵᠡᠮᠵᠢᠲᠦ ᠰᠠᠶᠢᠬᠠᠨ ᠬᠥᠬᠡᠬᠤᠲᠠ · ᠥᠨᠢᠷ ᠪᠠᠶᠠᠯᠢᠭ ᠲᠠᠯ᠎ᠠ ᠶᠢᠨ ᠬᠤᠲᠠ︾ ᠶᠢ ᠭᠠᠷ ᠬᠤᠯᠪᠣᠨ ᠪᠦᠲᠦᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2021/2/23
ᠰᠦᠨ ᠵᠢᠶᠠᠨ ᠬᠤᠸᠠ ᠣᠷᠣᠯᠴᠠᠪᠠ      ︵ᠰᠤᠷᠪᠤᠯᠵᠢᠯᠠᠭᠴᠢ ᠯᠢᠶᠠᠩ ᠵᠢᠩ ᠱᠤ᠋︶ 2 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠢᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ᠂ ᠨᠡᠶᠢᠭᠡᠮ ᠤᠨ ᠠᠰᠠᠷᠠᠮᠵᠢ ᠶᠢᠨ ᠬᠢᠨ ᠂ ᠰᠣᠶᠣᠯ ᠤᠷᠠᠯᠢᠭ᠂ ᠰᠣᠨᠢᠨ ᠮᠡᠳᠡᠭᠡ ᠬᠡᠪᠯᠡᠯ ᠤᠨ ᠬᠢᠨ᠂ ᠰᠤᠷᠭᠠᠨ ᠬᠥᠮᠥᠵᠢᠯ᠂ ᠪᠡᠶ᠎ᠡ ᠶᠢᠨ ᠲᠠᠮᠢᠷ ᠤᠨ ᠬᠢᠨ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠨ ᠤ ᠳᠤᠭᠤᠶᠢᠯᠠᠩ ᠬᠤᠯᠪᠣᠭᠠᠯᠠᠨ ᠶᠠᠷᠢᠯᠴᠠᠬᠤ ᠳᠤ ᠣᠷᠣᠯᠴᠠᠵᠤ᠂ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠦᠨ ᠵᠢᠶᠠᠨ ᠬᠤᠸᠠ ᠶᠠᠷᠢᠯᠴᠠᠬᠤ ᠳᠤ ᠣᠷᠣᠯᠴᠠᠪᠠ᠃      ᠳᠤᠭᠤᠶᠢᠯᠠᠩ ᠬᠤᠯᠪᠣᠭᠠᠯᠠᠨ ᠶᠠᠷᠢᠯᠴᠠᠬᠤ ᠬᠤᠷᠠᠯ ᠳᠡᠭᠡᠷ᠎ᠡ᠂ ᠯᠢ ᠴᠢᠶᠠᠩ᠂ ᠯᠢ ᠵᠧᠩ᠂ ᠬᠤᠸᠠᠩ ᠬᠠᠢ ᠴᠤᠤ ᠂ ᠵᠠᠩ ᠵᠧᠨ ᠲᠣᠣ᠂ ᠶᠦᠨ ᠵᠢᠢ ᠶᠢᠩ᠂ ᠭᠥᠸᠧ ᠰᠢᠶᠥᠥ ᠢᠦᠢ᠂ ᠦ᠋ ᠫᠢᠩ ᠶᠠᠨ᠂ ᠶᠠᠩ ᠵᠢᠶᠦ᠋ᠨ ᠫᠢᠩ ᠵᠡᠷᠭᠡ ᠭᠡᠰᠢᠭᠦᠨ ᠤᠷᠢᠳ ᠬᠤᠵᠢᠳ ᠶᠠᠷᠢᠶ᠎ᠠ ᠲᠠᠯᠪᠢᠪᠠ᠃ ᠭᠡᠰᠢᠭᠦᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠭᠤᠷᠢᠨ ᠳᠤ ᠥᠪᠡᠷ ᠥᠪᠡᠷ ᠤᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂   ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ᠂ ᠠᠳᠠᠯ ᠠᠬᠤᠢ ᠶᠢᠨ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠲᠤᠰ ᠲᠤᠰ ᠰᠠᠨᠠᠯ ᠰᠠᠨᠠᠭᠤᠯᠭ᠎ᠠ ᠳᠤᠷᠠᠳᠴᠠᠢ᠃      ᠭᠡᠰᠢᠭᠦᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠾᠧ ᠬᠠᠢ ᠳ᠋ᠦᠩ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠤᠷᠲᠤ ᠬᠤᠭᠤᠴᠠᠭᠠᠨ ᠤ ᠲᠤᠷᠰᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠢ  ᠬᠠᠯᠠᠮᠵᠢᠯᠠᠨ ᠳᠡᠮᠵᠢᠭᠰᠡᠨ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠭᠡᠰᠢᠭᠦᠳ ᠤᠨ ᠶᠠᠷᠢᠶ᠎ᠠ ᠨᠢ ᠬᠤᠲᠠ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ᠂ ᠬᠤᠲᠠ ᠶᠢᠨ ᠬᠠᠮᠢᠶᠠᠷᠤᠯᠲᠠ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠠᠳᠠᠯᠢ ᠪᠤᠰᠤ ᠬᠠᠷᠠᠭᠠᠰᠤ᠂ ᠠᠳᠠᠯᠢ ᠪᠤᠰᠤ ᠲᠠᠯ᠎ᠠ ᠠᠴᠠ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠷᠭ᠎ᠠ ᠪᠣᠳᠣᠯᠭ᠎ᠠ ᠭᠠᠷᠭᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠲᠥᠷᠥ ᠶᠢᠨ ᠶᠠᠪᠤᠳᠠᠯ ᠳᠤ ᠤᠷᠤᠯᠴᠠᠵᠤ ᠵᠠᠰᠠᠭ ᠤᠨ ᠶᠠᠪᠤᠳᠠᠯ ᠢ ᠵᠥᠪᠯᠡᠬᠦ ᠣᠷᠭᠢᠯᠤᠮ᠎ᠠ ᠰᠡᠳᠬᠢᠯᠭᠡ ᠪᠠ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠬᠠᠷᠠᠭᠤᠯᠵᠤ᠂ ᠲᠤᠶᠢᠯ ᠤᠨ ᠴᠢᠩᠭ᠎ᠠ ᠬᠠᠨᠳᠤᠯᠭᠠᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠵᠢᠭᠦᠯᠵᠦ ᠪᠣᠯᠬᠤ ᠴᠢᠨᠠᠷ   ᠲᠠᠢ᠂ ᠬᠠᠮᠢᠶ᠎ᠠ ᠪᠦᠬᠦᠢ ᠰᠠᠯᠠᠭ᠎ᠠ ᠮᠥᠴᠢᠷ ᠲᠥᠷᠥᠯ ᠵᠦᠢᠯ ᠬᠤᠪᠢᠶᠠᠨ ᠡᠮᠬᠢᠯᠡᠨ ᠬᠤᠷᠢᠶᠠᠩᠭᠤᠶᠢᠯᠠᠵᠤ᠂ ᠢᠳᠡᠪᠬᠢᠲᠡᠢ ᠬᠦᠯᠢᠶᠡᠨ ᠠᠪᠴᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠾᠧ ᠬᠠᠢ ᠳ᠋ᠦᠩ ᠵᠢᠭᠠᠬᠤ ᠳᠠᠭᠠᠨ᠂ ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠵᠢᠴᠢ ᠭᠡᠰᠢᠭᠦᠳ ᠥᠪᠡᠷ ᠤᠨ ᠳᠠᠪᠠᠭᠤᠯᠢᠭ ᠢᠶᠠᠨ ᠠᠰᠢᠭᠯᠠᠨ᠂ ᠪᠦᠬᠦ ᠬᠤᠲᠠ ᠶᠢᠨ ᠭᠤᠣᠯ ᠠᠵᠢᠯ ᠤᠨ ᠲᠣᠭᠤᠷᠢᠨ ᠳᠤ ᠠᠷᠠᠳᠴᠢᠯᠠᠯᠲᠤ ᠵᠥᠪᠯᠡᠯᠭᠡᠨ᠂ ᠲᠥᠷᠥ ᠶᠢᠨ ᠶᠠᠪᠤᠳᠠᠯ ᠳᠤ ᠤᠷᠤᠯᠴᠠᠵᠤ ᠵᠠᠰᠠᠭ ᠤᠨ ᠶᠠᠪᠤᠳᠠᠯ ᠢ ᠵᠥᠪᠯᠡᠬᠦ ᠰᠢᠨ᠎ᠡ ᠠᠷᠭ᠎ᠠ ᠵᠠᠮ᠂ ᠰᠢᠨ᠎ᠡ ᠠᠷᠭ᠎ᠠ ᠪᠠᠷᠢᠯ ᠢ ᠢᠳᠡᠪᠬᠢᠲᠡᠢ ᠰᠦᠪᠡᠭᠴᠢᠯᠡᠵᠦ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠡᠨᠡ ᠵᠢᠯ ᠪᠣᠯ ᠨᠢᠭᠡ ᠣᠨᠴᠠᠭᠠᠢ ᠴᠢᠬᠤᠯᠠ ᠵᠢᠯ ᠪᠣᠯᠣᠨ᠎ᠠ᠂ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠲᠣᠭᠲᠠᠭᠰᠠᠨ ᠬᠠᠷᠠᠯᠲᠠ ᠪᠠᠨ ᠪᠡᠶᠡᠯᠡᠭᠦᠯᠬᠦ ᠳᠤ ᠪᠦᠬᠦ ᠬᠤᠲᠠ ᠶᠢᠨ ᠳᠡᠭᠡᠷ᠎ᠡ ᠳᠣᠣᠷ᠎ᠠ ᠱᠠᠲᠤ ᠪᠦᠬᠦᠨ ᠢᠶᠠᠷ ᠢᠶᠠᠨ ᠢᠲᠡᠭᠡᠯ ᠵᠣᠷᠢᠭ ᠢᠶᠠᠨ ᠪᠠᠲᠤᠳᠬᠠᠵᠤ᠂ ᠨᠢᠭᠲᠠᠷᠠᠨ ᠪᠦᠯᠬᠦᠮᠳᠡᠵᠦ᠂  ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠬᠡᠷᠡᠭᠲᠡᠢ᠃ ᠭᠡᠰᠢᠭᠦᠳ ᠢ ᠬᠦᠰᠡᠬᠦ ᠨᠢ᠂ ᠴᠠᠭ ᠢᠮᠠᠭᠲᠠ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠨ᠂ ᠣᠯᠠᠨ ᠲᠦᠮᠡᠨ ᠲᠠᠢ ᠢᠯᠡᠭᠦᠦ ᠬᠠᠷᠢᠯᠴᠠᠵᠤ᠂ ᠬᠥᠮᠥᠨ ᠤ ᠰᠡᠳᠬᠢᠯ ᠢ ᠨᠢᠭᠲᠠᠷᠠᠭᠤᠯᠬᠤ᠂ ᠪᠦᠯᠬᠦᠮᠳᠠᠯ ᠵᠣᠷᠢᠭᠵᠢᠭᠤᠯᠤᠯ ᠤᠨ ᠠᠵᠢᠯ ᠢ ᠢᠯᠡᠭᠦᠦ ᠬᠢᠵᠦ᠂ ᠬᠠᠷᠢᠴᠠᠭ᠎ᠠ ᠶᠢ ᠵᠣᠬᠢᠴᠠᠭᠤᠯᠬᠤ᠂ ᠵᠥᠷᠢᠴᠡᠯ ᠢ ᠰᠢᠢᠳᠪᠦᠷᠢᠯᠡᠬᠦ ᠠᠵᠢᠯ ᠢ ᠢᠯᠡᠭᠦᠦ ᠬᠢᠵᠦ᠂ ᠠᠷᠠᠳ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠤᠴᠢᠷ ᠢ ᠢᠯᠡᠭᠦᠦ ᠲᠤᠰᠬᠠᠵᠤ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠤᠴᠢᠷ ᠢ ᠦᠷᠭᠦᠯᠵᠢᠯᠡᠨ ᠰᠠᠶᠢᠨ ᠬᠢᠬᠦ ᠳᠤ ᠬᠢᠨᠠᠯᠲᠠ ᠲᠠᠯᠪᠢᠨ ᠲᠤᠰᠠᠯᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠵᠣᠷᠢᠭᠲᠠᠢ ᠡᠭᠦᠷᠭᠡᠯᠡᠨ᠂ ᠵᠥᠪᠯᠡᠬᠦ ᠮᠠᠶ᠋ᠢᠭ ᠤᠨ ᠬᠢᠨᠠᠯᠲᠠ ᠶᠢᠨ ᠳᠠᠪᠠᠭᠤᠯᠢᠭ ᠪᠠ ᠣᠨᠴᠠᠯᠢᠭ ᠢᠶᠠᠨ ᠭᠦᠢᠴᠡᠳ ᠪᠠᠳᠠᠷᠠᠭᠤᠯᠵᠤ᠂ ᠦᠨᠡᠨ ᠦᠭᠡ ᠶᠢ ᠵᠣᠷᠢᠭ ᠲᠠᠢ ᠬᠡᠯᠡᠵᠦ᠂ ᠢᠳᠬᠠᠯᠭ᠎ᠠ ᠳᠤᠷᠠᠳᠴᠤ᠂ ᠦᠨᠡᠨ ᠪᠣᠳᠠᠲᠠᠢ ᠪᠠᠶᠢᠳᠠᠯ ᠢ ᠴᠠᠭ ᠳᠠᠷᠤᠢ ᠳᠤᠨᠢ ᠲᠤᠰᠬᠠᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠪᠠᠢ ᠶᠦᠩ ᠫᠢᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠬᠤᠤ ᠯᠧᠢ᠂ ᠬᠤᠲᠠ ᠶᠢᠨ ᠳᠡᠳ᠋ ᠳᠠᠷᠤᠭ᠎ᠠ ᠰᠢᠦᠢ ᠷᠦᠢ ᠰᠢᠶᠠ᠂ ᠴᠢᠶᠥᠥ ᠶᠦᠨ ᠯᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠵᠧᠨ ᠸᠧᠢ᠂ ᠭᠥᠸᠧ ᠪᠢᠩ ᠱᠧᠩ᠂ ᠶᠦᠨ ᠺᠦᠢ᠂ ᠨᠠᠷᠢᠨ ᠪᠢᠴᠢᠭ ᠤᠨ ᠳᠠᠷᠤᠭ᠎ᠠ ᠳ᠋ᠦᠩ ᠰᠠᠢ ᠯᠢ ᠶᠠᠷᠢᠯᠴᠠᠬᠤ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号