ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 21 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠬᠤ᠋ ᠯᠦ ᠢᠦᠢ ᠸᠧᠨ ᠵᠢᠩ︶ 21 ᠳ᠋ᠤᠭᠡᠷ ᠵᠠᠭᠤᠨ ᠠᠴᠠ ᠨᠠᠭᠠᠰᠢᠬᠢ ᠠᠷᠪᠠᠨ ᠨᠠᠢᠮᠠᠳᠠᠬᠢ ︽ᠬᠥᠳᠡᠭᠡ ᠠᠵᠤ | ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠵᠢᠯᠣᠭᠤᠳᠬᠤ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠢ 21 ᠤ ᠡᠳᠦᠷ ᠰᠢᠨᠬᠤᠸᠠ ᠬᠤᠷᠢᠶ᠎ᠡ ᠡᠷᠬᠡ ᠣᠯᠭᠤᠯᠲᠠ ᠪᠠᠷ ᠨᠡᠶᠢᠲᠡᠯᠡᠪᠡ᠃ | ᠡᠨᠡ ᠬᠦ ᠪᠢᠴᠢᠭ ᠮᠠᠲ᠋ᠧᠷᠢᠶᠠᠯ ᠨᠢ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠠᠬᠢᠭᠤᠯᠵᠤ ᠬᠥᠳᠡᠭᠡ ᠠᠵᠤ ᠠᠬᠤᠶ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ | ᠭᠡᠬᠦ ᠭᠠᠷᠴᠠᠭ ᠲᠠᠢ ᠪᠦᠭᠡᠳ ᠪᠥᠬᠦ ᠠᠭᠤᠯᠭ᠎ᠠ ᠨᠢ 5 ᠬᠡᠰᠡᠭ ᠢᠶᠠᠷ ᠪᠦᠷᠢᠯᠳᠦᠵᠡᠢ᠂ ᠡᠭᠦᠨ ᠳᠤ᠄ ᠶᠡᠷᠦᠩᠬᠡᠶ | ᠱᠠᠭᠠᠷᠳᠠᠯᠭ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠶ ᠪᠠᠷ | ᠵᠣᠯᠭᠠᠭᠤᠯᠬᠤ ᠶᠢ ᠪᠡᠶᠡᠯᠡᠭᠦᠯᠬᠦ᠂ ᠬᠥᠳᠡᠭᠡ ᠠᠵᠤ ᠠᠬᠤᠶ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ᠂ | ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠬᠦ᠂ ︽ᠬᠥᠳᠡᠭᠡ ᠠᠵᠤ ᠠᠬᠤᠶ | ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠬᠤ ᠬᠡᠬᠦ ᠠᠭᠤᠯᠭ᠎ᠠ ᠤᠳ ᠪᠠᠭᠳᠠᠵᠤ ᠪᠤᠢ᠃ | ᠪᠢᠴᠢᠭ ᠮᠠᠲ᠋ᠧᠷᠢᠶᠠᠯ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭ᠎ᠠ ᠪᠣᠯ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠃ ᠦᠨᠳᠦᠰᠦᠲᠡᠨ ᠢᠶᠠᠨ ᠰᠡᠷᠭᠦᠭᠡᠨ | ᠮᠠᠨᠳᠤᠭᠤᠯᠬᠤ ᠳᠤ ᠬᠥᠳᠡᠭᠡ ᠲᠣᠰᠬᠤᠨ ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ᠃ ᠨᠠᠮ ᠤᠨ ᠲᠥᠪ | ᠬᠤᠷᠢᠶᠠᠨ ᠤ ᠦᠵᠡᠬᠦ ᠪᠠᠷ᠂ ᠰᠢᠨ᠎ᠡ ᠬᠥᠭᠵᠢᠯᠲᠡ ᠶᠢᠨ ᠱᠠᠲᠤᠨ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠨᠢ ᠮᠦᠨ ᠬᠦ ᠲᠦᠢᠯ ᠤᠨ ᠴᠢᠬᠤᠯᠠ ᠪᠠᠶᠢᠭ᠎ᠠ ᠪᠤᠯᠬᠤᠷ ᠦᠴᠦᠭᠡᠨ ᠴᠦ ᠰᠤᠯᠠᠷᠠᠭᠤᠯᠵᠤ | ᠪᠣᠯᠬᠤ ᠦᠭᠡᠢ᠂ ᠡᠷᠬᠡᠪᠰᠢ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ᠃ ︽ᠬᠥᠳᠡᠭᠡ ᠠᠵᠤ ᠠᠬᠤᠢ | ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠬᠦ ᠲᠠᠯ᠎ᠠ ᠪᠠᠷ ᠠᠬᠢᠭᠤᠯᠬᠤ ᠶᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠨᠢᠭᠡᠨ ᠴᠢᠬᠤᠯᠠ ᠶᠡᠭᠡ ᠡᠭᠦᠷᠭᠡ ᠪᠣᠯᠭᠠᠵᠤ᠂ ᠪᠦᠬᠦ ᠨᠠᠮ ᠪᠦᠬᠦ ᠨᠡᠶᠢᠭᠡᠮ ᠤᠨ ᠬᠦᠴᠦᠨ ᠢ ᠲᠠᠶᠢᠴᠢᠯᠠᠨ | ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠵᠦ᠂ ᠥᠷᠭᠡᠨ ᠤᠯᠠᠨ | ᠲᠠᠷᠢᠶᠠᠴᠢᠨ ᠢ ᠨᠡᠩ ᠰᠠᠶᠢᠨ ᠰᠠᠶᠢᠬᠠᠨ ᠠᠮᠢᠳᠤᠷᠠᠭᠤᠯᠬᠤ ᠬᠡᠷᠡᠭᠲᠡᠢ᠃ | ᠪᠢᠴᠢᠭ ᠮᠠᠲ᠋ᠧᠷᠢᠶᠠᠯ ᠳᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠨᠡᠶᠢᠭᠡᠮ ᠵᠢᠷᠤᠮᠳᠤ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠪᠠᠶᠢᠷᠢᠨ ᠳᠤ ᠲᠠᠯᠪᠢᠵᠤ᠂ ᠬᠥᠳᠡᠭᠡ ᠲᠣᠰᠬᠤᠨ ᠤ | ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ | ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ᠂ | ᠠᠮᠢ ᠠᠬᠤᠶ ᠶᠢᠨ ᠬᠠᠯᠬᠠᠪᠴᠢ᠂ ᠰᠣᠶᠣᠯ ᠤᠨ ᠤᠯᠠᠮᠵᠢᠯᠠᠯ ᠵᠡᠷᠭᠡ ᠴᠢᠳᠠᠮᠵᠢ ᠶᠢ ᠬᠦᠢᠴᠡᠳ ᠪᠠᠳᠠᠷᠠᠭᠤᠯᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠠᠮ ᠢᠶᠠᠷ ᠵᠠᠮᠨᠠᠵᠤ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠵᠦ᠂ ᠠᠵᠤ | ᠦᠢᠯᠡᠳᠪᠦᠷᠢ ᠲᠠᠷᠢᠶᠠᠯᠠᠩ ᠬᠠᠷᠢᠯᠴᠠᠨ ᠠᠬᠢᠭᠤᠯᠤᠭᠰᠠᠨ᠂ ᠬᠤᠲᠠ ᠬᠥᠳᠡᠭᠡ ᠬᠠᠷᠢᠯᠴᠠᠨ ᠨᠥᠬᠦᠪᠥᠷᠢᠯᠡᠭᠰᠡᠨ᠂ | ᠵᠣᠬᠢᠴᠠᠩᠭᠤᠶ ᠪᠠᠷ ᠬᠥᠭᠵᠢᠭᠰᠡᠨ᠂ ᠬᠠᠮᠲᠤ ᠪᠠᠷ ᠴᠡᠴᠡᠭᠯᠡᠨ ᠬᠥᠭᠵᠢᠭᠰᠡᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢ | ᠲᠠᠷᠢᠶᠠᠯᠠᠩ ᠬᠤᠲᠠ ᠬᠥᠳᠡᠭᠡ ᠶᠢᠨ ᠬᠠᠷᠢᠴᠠᠭ᠎ᠠ ᠶᠢ ᠲᠦᠷᠭᠡᠨ ᠪᠦᠷᠢᠯᠳᠦᠭᠦᠯᠵᠦ᠂ ᠬᠦᠳᠡᠭᠡ ᠠᠵᠤ ᠠᠬᠤᠢ ᠶᠢ | ᠴᠢᠨᠠᠷ ᠰᠠᠶᠢᠲᠠᠶ ᠥᠨᠳᠥᠷ ᠪᠦᠲᠦᠮᠵᠢᠲᠡᠶ ᠬᠦᠭᠵᠢᠬᠦᠯᠬᠦ᠂ ᠬᠥᠳᠡᠭᠡ ᠲᠣᠰᠬᠤᠨ ᠳᠤ ᠣᠷᠣᠰᠢᠨ ᠰᠠᠭᠤᠵᠤ ᠦᠢᠯᠡᠰ | ᠪᠤᠰᠬᠠᠬᠤ ᠳᠤ ᠲᠣᠬᠢᠷᠠᠮᠵᠢᠲᠠᠶ᠂ ᠲᠠᠷᠢᠶᠠᠴᠢᠳ ᠤᠨ ᠠᠮᠢᠳᠤᠷᠠᠯ ᠢ ᠪᠠᠶᠠᠵᠢᠭᠤᠯᠬᠤ ᠶᠢ ᠠᠬᠢᠭᠤᠯᠤᠨ᠎ᠠ ᠭᠡᠵᠦ | ᠲᠣᠭᠲᠠᠭᠠᠪᠠ᠃ | ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ | ᠬᠤᠯᠪᠣᠭᠳᠠᠯ ᠪᠥᠬᠦᠶ ᠬᠠᠷᠢᠭᠤᠴᠠᠯᠭᠠᠲᠠᠨ᠄ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠨᠠᠩ ᠬᠦᠴᠦᠷᠬᠡᠭ ᠶᠡᠭᠡ | ᠬᠦᠴᠦᠨ ᠢ ᠨᠢᠭᠲᠠᠷᠠᠭᠤᠯᠵᠤ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ | ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠵᠢᠯ ᠢ ᠰᠠᠶᠢᠳᠤᠷ | ᠡᠬᠢᠯᠡᠬᠦᠯᠵᠦ᠂ ᠠᠩᠬᠠᠨ ᠤ ᠠᠯᠬᠤᠭ᠎ᠠ ᠶᠢ ᠰᠠᠶᠢᠬᠠᠨ ᠠᠯᠬᠤᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ ᠬᠡᠵᠦ | ᠬᠡᠯᠡᠵᠡᠢ ᠃ |