2021 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠨᠡᠶᠢᠲᠡᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠤᠨ᠎ᠠ ᠭᠡᠵᠦ ᠳᠤᠷᠠᠳᠪᠠ
ᠨᠡᠶᠢᠲᠡᠯᠡᠭᠰᠡᠨ ᠴᠠᠭ᠄
2021/2/23
       ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 21 ᠤ ᠡᠳᠦᠷ ᠤᠨ ᠮᠡᠳᠡᠭᠡ ︵ᠰᠤᠷᠪᠤᠯᠵᠢᠯᠠᠭᠴᠢ ᠬᠤ᠋ ᠯᠦ   ᠢᠦᠢ ᠸᠧᠨ ᠵᠢᠩ︶ 21 ᠳ᠋ᠤᠭᠡᠷ ᠵᠠᠭᠤᠨ ᠠᠴᠠ ᠨᠠᠭᠠᠰᠢᠬᠢ ᠠᠷᠪᠠᠨ ᠨᠠᠢᠮᠠᠳᠠᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠵᠢᠯᠣᠭᠤᠳᠬᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ 21 ᠤ ᠡᠳᠦᠷ ᠰᠢᠨᠬᠤᠸᠠ ᠬᠤᠷᠢᠶ᠎ᠡ ᠡᠷᠬᠡ ᠣᠯᠭᠤᠯᠲᠠ ᠪᠠᠷ ᠨᠡᠶᠢᠲᠡᠯᠡᠪᠡ᠃       ᠡᠨᠡ ᠬᠦ ᠪᠢᠴᠢᠭ ᠮᠠᠲ᠋ᠧᠷᠢᠶᠠᠯ ᠨᠢ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ ᠬᠥᠳᠡᠭᠡ ᠠᠵᠤ ᠠᠬᠤᠶ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠭᠡᠬᠦ ᠭᠠᠷᠴᠠᠭ ᠲᠠᠢ ᠪᠦᠭᠡᠳ ᠪᠥᠬᠦ ᠠᠭᠤᠯᠭ᠎ᠠ ᠨᠢ 5 ᠬᠡᠰᠡᠭ ᠢᠶᠠᠷ ᠪᠦᠷᠢᠯᠳᠦᠵᠡᠢ᠂ ᠡᠭᠦᠨ ᠳᠤ᠄ ᠶᠡᠷᠦᠩᠬᠡᠶ ᠱᠠᠭᠠᠷᠳᠠᠯᠭ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠶ ᠪᠠᠷ ᠵᠣᠯᠭᠠᠭᠤᠯᠬᠤ ᠶᠢ ᠪᠡᠶᠡᠯᠡᠭᠦᠯᠬᠦ᠂ ᠬᠥᠳᠡᠭᠡ ᠠᠵᠤ ᠠᠬᠤᠶ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ᠂ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠬᠦ᠂ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠬᠦ ᠠᠭᠤᠯᠭ᠎ᠠ ᠤᠳ ᠪᠠᠭᠳᠠᠵᠤ ᠪᠤᠢ᠃       ᠪᠢᠴᠢᠭ ᠮᠠᠲ᠋ᠧᠷᠢᠶᠠᠯ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠃ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠳᠤ ᠬᠥᠳᠡᠭᠡ ᠲᠣᠰᠬᠤᠨ ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠦᠵᠡᠬᠦ ᠪᠠᠷ᠂ ᠰᠢᠨ᠎ᠡ ᠬᠥᠭᠵᠢᠯᠲᠡ ᠶᠢᠨ ᠱᠠᠲᠤᠨ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠨᠢ ᠮᠦᠨ ᠬᠦ ᠲᠦᠢᠯ ᠤᠨ ᠴᠢᠬᠤᠯᠠ ᠪᠠᠶᠢᠭ᠎ᠠ ᠪᠤᠯᠬᠤᠷ ᠦᠴᠦᠭᠡᠨ ᠴᠦ  ᠰᠤᠯᠠᠷᠠᠭᠤᠯᠵᠤ ᠪᠣᠯᠬᠤ ᠦᠭᠡᠢ᠂ ᠡᠷᠬᠡᠪᠰᠢ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ᠃ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠢᠭᠡᠨ ᠴᠢᠬᠤᠯᠠ ᠶᠡᠭᠡ ᠡᠭᠦᠷᠭᠡ ᠪᠣᠯᠭᠠᠵᠤ᠂ ᠪᠦᠬᠦ ᠨᠠᠮ ᠪᠦᠬᠦ ᠨᠡᠶᠢᠭᠡᠮ ᠤᠨ ᠬᠦᠴᠦᠨ ᠢ ᠲᠠᠶᠢᠴᠢᠯᠠᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠵᠦ᠂ ᠥᠷᠭᠡᠨ ᠤᠯᠠᠨ ᠲᠠᠷᠢᠶᠠᠴᠢᠨ ᠢ ᠨᠡᠩ ᠰᠠᠶᠢᠨ ᠰᠠᠶᠢᠬᠠᠨ ᠠᠮᠢᠳᠤᠷᠠᠭᠤᠯᠬᠤ ᠬᠡᠷᠡᠭᠲᠡᠢ᠃       ᠪᠢᠴᠢᠭ ᠮᠠᠲ᠋ᠧᠷᠢᠶᠠᠯ ᠳᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠨᠡᠶᠢᠭᠡᠮ ᠵᠢᠷᠤᠮᠳᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠪᠠᠶᠢᠷᠢᠨ ᠳᠤ ᠲᠠᠯᠪᠢᠵᠤ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂  ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ᠂ ᠠᠮᠢ ᠠᠬᠤᠶ ᠶᠢᠨ ᠬᠠᠯᠬᠠᠪᠴᠢ᠂ ᠰᠣᠶᠣᠯ ᠤᠨ ᠤᠯᠠᠮᠵᠢᠯᠠᠯ ᠵᠡᠷᠭᠡ ᠴᠢᠳᠠᠮᠵᠢ ᠶᠢ ᠬᠦᠢᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠵᠤ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠵᠦ᠂ ᠠᠵᠤ ᠦᠢᠯᠡᠳᠪᠦᠷᠢ ᠲᠠᠷᠢᠶᠠᠯᠠᠩ ᠬᠠᠷᠢᠯᠴᠠᠨ ᠠᠬᠢᠭᠤᠯᠤᠭᠰᠠᠨ᠂ ᠬᠤᠲᠠ ᠬᠥᠳᠡᠭᠡ ᠬᠠᠷᠢᠯᠴᠠᠨ ᠨᠥᠬᠦᠪᠥᠷᠢᠯᠡᠭᠰᠡᠨ᠂ ᠵᠣᠬᠢᠴᠠᠩᠭᠤᠶ ᠪᠠᠷ ᠬᠥᠭᠵᠢᠭᠰᠡᠨ᠂ ᠬᠠᠮᠲᠤ ᠪᠠᠷ ᠴᠡᠴᠡᠭᠯᠡᠨ ᠬᠥᠭᠵᠢᠭᠰᠡᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠲᠠᠷᠢᠶᠠᠯᠠᠩ ᠬᠤᠲᠠ ᠬᠥᠳᠡᠭᠡ ᠶᠢᠨ ᠬᠠᠷᠢᠴᠠᠭ᠎ᠠ ᠶᠢ ᠲᠦᠷᠭᠡᠨ ᠪᠦᠷᠢᠯᠳᠦᠭᠦᠯᠵᠦ᠂  ᠬᠦᠳᠡᠭᠡ ᠠᠵᠤ ᠠᠬᠤᠢ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠦᠭᠵᠢᠬᠦᠯᠬᠦ᠂ ᠬᠥᠳᠡᠭᠡ ᠲᠣᠰᠬᠤᠨ ᠳᠤ ᠣᠷᠣᠰᠢᠨ ᠰᠠᠭᠤᠵᠤ ᠦᠢᠯᠡᠰ ᠪᠤᠰᠬᠠᠬᠤ ᠳᠤ ᠲᠣᠬᠢᠷᠠᠮᠵᠢᠲᠠᠶ᠂ ᠲᠠᠷᠢᠶᠠᠴᠢᠳ ᠤᠨ ᠠᠮᠢᠳᠤᠷᠠᠯ ᠢ ᠪᠠᠶᠠᠵᠢᠭᠤᠯᠬᠤ ᠶᠢ  ᠠᠬᠢᠭᠤᠯᠤᠨ᠎ᠠ ᠭᠡᠵᠦ ᠲᠣᠭᠲᠠᠭᠠᠪᠠ᠃       ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠄ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠨᠠᠩ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ᠂  ᠬᠦᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ  ᠠᠵᠢᠯ ᠢ ᠰᠠᠶᠢᠳᠤᠷ ᠡᠬᠢᠯᠡᠬᠦᠯᠵᠦ᠂ ᠠᠩᠬᠠᠨ ᠤ ᠠᠯᠬᠤᠭ᠎ᠠ ᠶᠢ ᠰᠠᠶᠢᠬᠠᠨ ᠠᠯᠬᠤᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ ᠬᠡᠵᠦ ᠬᠡᠯᠡᠵᠡᠢ  ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ