ᠰᠢᠨ᠎ᠡ ᠬᠤᠲᠠ ᠲᠣᠭᠤᠷᠢᠭ ᠤᠨ ᠤᠳᠤᠷᠢᠳᠤᠯᠭ᠎ᠠ ᠪᠣᠯᠪᠠᠰᠤᠨ ᠬᠤᠲᠠ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2021/2/24
     2 ᠳ᠋ᠤᠭᠠᠷ ᠰᠠᠷ᠎ᠠ ᠶᠢᠨ 23 ᠤ ᠡᠳᠦᠷ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠨ ᠭᠦᠸᠧ ᠵᠢᠶᠦ᠋ᠨ ᠪᠦᠯᠬᠦᠮ ᠳᠠᠭᠠᠭᠤᠯᠵᠤ᠂ ᠰᠢᠨ᠎ᠡ ᠬᠤᠲᠠ ᠲᠣᠭᠤᠷᠢᠭ ᠤᠨ ᠪᠣᠯᠪᠠᠰᠤᠨ ᠤ ᠠᠯᠪᠠᠨ ᠬᠡᠷ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠬᠤ ᠳᠤᠭᠤᠶᠢᠯᠠᠩ ᠪᠦᠷᠢᠯᠳᠦᠭᠦᠯᠵᠦ᠂ ᠰᠢᠨ᠎ᠡ ᠬᠤᠲᠠ ᠲᠣᠭᠤᠷᠢᠭ ᠤᠨ ᠬᠡᠰᠡᠭ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠭᠠᠵᠠᠷ ᠣᠷᠣᠨ ᠤ ᠪᠣᠯᠪᠠᠰᠤᠨ ᠬᠤᠲᠠ ᠡᠭᠦᠳᠦᠨ ᠪᠠᠶᠢᠭᠤᠯᠬᠤ ᠠᠵᠢᠯ ᠳᠤ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠭᠦᠩᠵᠦ ᠬᠤᠸᠠ ᠶᠤᠸᠠᠨ  ᠬᠤᠷᠢᠶᠠᠯᠠᠯ᠂ ᠲᠢᠶᠠᠨ ᠹᠦ᠋ ᠬᠤᠸᠠ ᠶᠤᠸᠠᠨ ᠬᠤᠷᠢᠶᠠᠯᠠᠯ᠂ ᠬᠤᠩ ᠱᠠᠨ ᠺᠧᠦ ᠲᠣᠰᠬᠤᠨ᠂ ᠳᠠᠭ᠎ᠠ ᠶᠢᠨ ᠲᠣᠰᠬᠤᠨ᠂ ᠰᠠᠨ ᠪᠠ ᠱᠤ᠋ ᠲᠣᠰᠬᠤᠨ᠂ ᠹᠦ᠋ ᠬᠠᠢ ᠰᠢᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠠᠵᠠᠷ ᠢᠶᠠᠷ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠴᠢᠬᠤᠯᠠᠴᠢᠯᠠᠭᠰᠠᠨ ᠨᠢ᠂ ᠡᠯ᠎ᠡ ᠨᠢᠭᠡᠴᠡ ᠶᠢᠨ ᠬᠢᠨ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠪᠣᠳᠠᠲᠠᠶ ᠠᠰᠠᠭᠤᠳᠠᠯ ᠳᠤ ᠴᠢᠭᠯᠡᠭᠦᠯᠦᠨ ᠪᠣᠳᠠᠲᠠᠶ ᠠᠷᠭ᠎ᠠ ᠬᠡᠮᠵᠢᠶ᠎ᠡ ᠠᠪᠴᠤ᠂ ᠲᠤᠰᠬᠠᠶ ᠰᠡᠳᠦᠪ ᠢᠶᠠᠷ ᠪᠠᠶᠢᠷᠢᠯᠠᠭᠤᠯᠵᠤ᠂ ᠲᠤᠰᠬᠠᠶ ᠨᠠᠶᠢᠳᠠᠪᠤᠷᠢᠵᠢᠭᠤᠯᠵᠤ᠂ ᠪᠣᠯᠪᠠᠰᠤᠨ ᠬᠤᠲᠠ ᠡᠭᠦᠳᠦᠨ ᠪᠠᠶᠢᠭᠤᠯᠬᠤ ᠬᠠᠮᠢᠶ᠎ᠠ ᠪᠥᠬᠦᠶ ᠱᠠᠭᠠᠷᠳᠠᠯᠭ᠎ᠠ ᠲᠠᠢ ᠴᠢᠩᠭ᠎ᠠ ᠬᠠᠷᠭᠤᠭᠤᠯᠵᠤ᠂ ᠬᠠᠷᠢᠯᠴᠠᠨ ᠬᠠᠮᠵᠢᠯᠴᠠᠵᠤ᠂ ᠣᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂ ᠪᠣᠯᠪᠠᠰᠤᠨ ᠬᠤᠲᠠ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠣᠯᠪᠠᠰᠤᠨ ᠬᠤᠲᠠ ᠡᠭᠦᠳᠦᠨ ᠪᠠᠶᠢᠭᠤᠯᠬᠤ ᠡᠯ᠎ᠡ ᠵᠣᠶᠢᠯ ᠤᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号