2 ᠳ᠋ᠤᠭᠠᠷ ᠰᠠᠷ᠎ᠠ ᠶᠢᠨ 23 ᠤ ᠡᠳᠦᠷ᠂ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠰᠢᠶᠠᠨ | ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠰᠢᠶᠠᠨ ᠤ ᠲᠡᠭᠡᠭᠡᠪᠦᠷᠢ ᠶᠢᠨ ᠬᠠᠮᠢᠶᠠᠷᠤᠯᠲᠠ ᠶᠢᠨ | ᠬᠤᠪᠢᠶᠠᠷᠢ ᠲᠣᠪᠴᠢᠶ᠎ᠠ ᠠᠴᠠ ᠰᠢᠶᠠᠨ ᠤ ᠬᠤᠯᠠ ᠵᠠᠮ ᠤᠨ ᠮᠠᠰᠢᠨ ᠲᠡᠷᠭᠡᠨ ᠤ ᠥᠷᠲᠡᠭᠡ᠂ ᠬᠤᠲᠠ ᠬᠥᠳᠡᠭᠡ ᠶᠢᠨ | ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ᠂ ᠯᠢ ᠮᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ᠂ ᠰᠢᠶᠠᠩ ᠲᠦᠩ | ᠴᠢᠯᠠᠭᠤᠨ ᠲᠣᠰᠣ ᠬᠢᠮᠢ ᠶᠢᠨ ᠠᠵᠤ ᠦᠶᠯᠡᠳᠪᠦᠷᠢ ᠶᠢᠨ ᠲᠡᠭᠡᠭᠡᠪᠦᠷᠢ ᠶᠢᠨ ᠺᠣᠮᠫᠠᠨᠢ ᠵᠡᠷᠭᠡ ᠵᠠᠮ ᠲᠡᠭᠡᠭᠡᠪᠦᠷᠢ ᠶᠢᠨ | ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠲᠡᠭᠡᠭᠡᠪᠦᠷᠢ ᠶᠢᠨ ᠠᠵᠤ ᠠᠬᠤᠶᠢᠯᠠᠯ ᠳᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ᠂ ᠠᠶᠤᠯᠭᠦᠶ ᠦᠶᠯᠡᠳᠪᠦᠷᠢᠯᠡᠯ ᠤᠨ ᠠᠵᠢᠯ ᠤᠨ ᠪᠠᠶᠢᠴᠠᠭᠠᠯᠲᠠ | ᠬᠢᠪᠠ᠃ | 2021 ᠣᠨ ᠤ ᠴᠠᠭᠠᠨ ᠰᠠᠷ᠎ᠠ ᠶᠢᠨ ᠲᠡᠭᠡᠭᠡᠪᠦᠷᠢ 1 ᠳ᠋ᠦ᠋ᠭᠡᠷ ᠰᠠᠷ᠎ᠠ ᠶᠢᠨ 28 ᠤ ᠡᠳᠦᠷ ᠠᠴᠠ ᠡᠬᠢᠯᠡᠵᠦ | 3 ᠳ᠋ᠤᠭᠠᠷ ᠰᠠᠷ᠎ᠠ ᠶᠢᠨ 8 ᠤ ᠡᠳᠦᠷ ᠳᠠᠭᠤᠰᠤᠨ᠎ᠠ᠂ ᠨᠡᠶᠢᠲᠡ 40 ᠡᠳᠦᠷ᠃ ᠪᠠᠶᠢᠴᠠᠭᠠᠬᠤ ᠳᠤᠭᠤᠶᠢᠯᠠᠩ ᠨᠢ ᠶᠠᠭ | ᠠᠵᠢᠯᠯᠠᠵᠤ ᠪᠠᠶᠢᠭ᠎ᠠ ᠲᠡᠷᠭᠡ ᠬᠥᠰᠬᠡ ᠶᠢ ᠰᠦᠯᠵᠢᠶᠡᠨ ᠳᠡᠭᠡᠷ᠎ᠡ ᠲᠣᠬᠢᠷᠠᠭᠤᠯᠤᠨ ᠬᠠᠮᠢᠶᠠᠷᠴᠤ᠂ ᠲᠡᠷᠭᠡᠨ ᠳᠤ ᠰᠠᠭᠤᠬᠤ | ᠠᠶᠠᠨᠴᠢᠳ ᠤᠨ ᠪᠡᠶ᠎ᠡ ᠶᠢᠨ ᠳᠤᠯᠠᠭᠠᠨ ᠢ ᠬᠡᠮᠵᠢᠵᠦ᠂ ᠠᠶᠠᠨᠴᠢᠳ ᠤᠨ ᠦᠨᠳᠦᠰᠦᠨ ᠪᠠᠶᠢᠳᠠᠯ᠂ ᠪᠡᠶ᠎ᠡ ᠶᠢᠨ ᠪᠠᠶᠢᠳᠠᠯ | ᠵᠢᠴᠢ ᠬᠠᠮᠢᠭ᠎ᠠ ᠣᠴᠢᠭᠰᠠᠨ ᠵᠡᠷᠭᠡ ᠮᠡᠳᠡᠭᠡ ᠵᠠᠩᠭᠢ ᠶᠢ ᠯᠠᠪᠯᠠᠨ ᠠᠰᠠᠭᠤᠵᠤ᠂ ᠳᠦᠷᠢᠮ ᠠᠴᠠ ᠵᠥᠷᠢᠴᠡᠭᠰᠡᠨ | ᠲᠡᠮᠳᠡᠭᠯᠡᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠪᠠᠶᠢᠲᠠᠯ᠎ᠠ ᠴᠠᠭ ᠲᠤᠬᠠᠶ ᠳᠤᠨᠢ ᠰᠢᠶᠳᠪᠦᠷᠢᠯᠡᠭᠰᠡᠨ ᠦᠭᠡᠶ ᠪᠠ | ᠬᠤᠭᠤᠴᠠᠭ᠎ᠠ ᠨᠢ ᠲᠤᠯᠤᠭᠠᠳ ᠪᠠᠰᠠ ᠲᠡᠷᠭᠡ ᠬᠥᠰᠬᠡ ᠪᠠᠨ ᠪᠠᠶᠢᠴᠠᠭᠠᠯᠭᠠᠭᠰᠠᠨ ᠦᠭᠡᠶ ᠪᠠᠶᠢᠳᠠᠯ ᠢ ᠲᠤᠬᠠᠶ ᠶᠢᠨ | ᠲᠠᠯᠠᠪᠠᠶ ᠳᠤ ᠴᠡᠭᠴᠡᠯᠡᠨ ᠥᠭᠡᠷᠡᠴᠢᠯᠡᠬᠦ ᠮᠡᠳᠡᠭᠳᠡᠯ ᠪᠠᠭᠤᠯᠭᠠᠪᠠ᠃ | ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠰᠢᠶᠠᠨ ᠤ ᠬᠤᠲᠠ ᠶᠢᠨ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ ᠶᠢ ᠴᠡᠪᠡᠷᠯᠡᠬᠦ ᠪᠠ ᠠᠷᠢᠭᠤᠳᠬᠠᠬᠤ ᠠᠵᠢᠯ ᠤᠨ ᠲᠦᠷᠢᠮ ᠢ ᠴᠢᠩᠭᠠᠳᠬᠠᠵᠤ᠂ ᠡᠳᠦᠷ ᠪᠦᠷᠢ | ᠠᠷᠢᠭᠤᠳᠬᠠᠬᠤ ᠤᠰᠤ ᠪᠠᠷ ᠠᠶᠠᠨᠴᠢᠳ ᠤᠨ ᠦᠷᠭᠦᠯᠵᠢ ᠣᠶᠢᠷᠠᠲᠤᠳᠠᠭ ᠲᠡᠷᠭᠡᠨ ᠤ ᠪᠠᠶᠢᠷᠢ ᠪᠣᠯᠤᠨ ᠡᠷᠡᠭᠦᠯ | ᠬᠠᠮᠠᠭᠠᠯᠠᠯ ᠤᠨ ᠥᠯᠥ ᠬᠠᠷᠠᠭᠳᠠᠬᠤ ᠭᠠᠵᠠᠷ ᠢ ᠪᠥᠬᠦ ᠲᠠᠯ᠎ᠠ ᠪᠠᠷ ᠲᠤᠶᠢᠯᠪᠤᠷᠢᠲᠠᠶ ᠠᠷᠢᠭᠤᠳᠬᠠᠬᠤ ᠬᠡᠷᠡᠭᠲᠡᠶ᠃ ᠠᠵᠤ | ᠠᠬᠤᠶᠢᠯᠠᠯ ᠤᠨ ᠬᠢᠨ ᠲᠦᠷᠢᠮ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠶ ᠳᠤᠨᠢ ᠰᠢᠢᠳᠪᠦᠷᠢᠯᠡᠵᠦ᠂ | ᠠᠮᠤᠷ ᠲᠦᠪᠰᠢᠨ᠂ ᠪᠣᠯᠪᠠᠰᠤᠨ᠂ ᠡᠶ᠎ᠡ ᠵᠣᠬᠢᠴᠠᠩᠭᠤᠶ ᠴᠠᠭᠠᠨ ᠰᠠᠷ᠎ᠠ ᠶᠢᠨ ᠲᠡᠭᠡᠭᠡᠪᠦᠷᠢ ᠶᠢ ᠪᠠᠶᠢᠭᠤᠯᠵᠤ᠂ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠠᠭᠠᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠶ | ᠭᠡᠵᠦ ᠴᠢᠬᠤᠯᠠᠴᠢᠯᠠᠪᠠ᠃ |