ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤᠭᠤᠶᠢᠯᠠᠩ ᠬᠤᠪᠢᠶᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/24
      ︵ᠰᠤᠷᠪᠤᠯᠵᠢᠯᠠᠭᠴᠢ ᠮᠢᠶᠥᠥ ᠰᠢᠨ︶ 2 ᠳ᠋ᠤᠭᠠᠷ ᠰᠠᠷ᠎ᠠ ᠶᠢᠨ 23 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤᠭᠤᠶᠢᠯᠠᠩ ᠬᠤᠪᠢᠶᠠᠭᠰᠠᠨ ᠬᠤᠷᠠᠯ ᠬᠤᠷᠠᠯᠳᠤᠭᠤᠯᠪᠠ᠃      ᠬᠤᠷᠠᠯ ᠠᠴᠠ ᠬᠥᠮᠥᠨ ᠤ ᠶᠠᠪᠤᠳᠠᠯ ᠤᠨ ᠤᠴᠢᠷ ᠢ ᠲᠤᠩᠭᠠᠨ ᠶᠠᠷᠢᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶ ᠶᠢ ᠬᠢᠨᠠᠨ ᠵᠥᠪᠯᠡᠪᠡ᠃      ᠡᠯ᠎ᠡ ᠶᠠᠷᠢᠯᠴᠠᠬᠤ ᠳᠤᠭᠤᠶᠢᠯᠠᠩ ᠲᠤᠰᠪᠦᠷᠢ ᠨᠢᠭᠡ ᠪᠢᠯᠧᠲ ᠬᠢᠨᠠᠬᠤ ᠬᠥᠮᠥᠨ ᠢ ᠰᠣᠩᠭᠤᠪᠠ᠃      ᠬᠤᠷᠠᠯ ᠳᠤ ᠣᠷᠣᠯᠴᠠᠭᠰᠠᠨ ᠪᠦᠬᠦ ᠭᠡᠰᠢᠭᠦᠳ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠶᠢ ᠡᠪᠦᠷᠯᠡᠨ᠂ ᠬᠥᠮᠥᠨ ᠤ ᠶᠠᠪᠤᠳᠠᠯ ᠤᠨ ᠤᠴᠢᠷ ᠤᠨ ᠬᠠᠮᠢᠶ᠎ᠠ ᠪᠦᠬᠦᠢ ᠠᠭᠤᠯᠭ᠎ᠠ ᠪᠠ ᠰᠣᠩᠭᠤᠭᠤᠯᠢ ᠶᠢᠨ ᠠᠷᠭ᠎ᠠ ︵ᠲᠥᠰᠥᠯ︶ ᠶᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠣᠪᠣᠷ ᠢᠶᠠᠷ ᠥᠪᠡᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠠᠷᠠᠳᠴᠢᠯᠠᠯ ᠤᠨ ᠡᠷᠬᠡ ᠪᠠᠨ ᠵᠥᠪ ᠬᠡᠷᠡᠭᠵᠢᠭᠦᠯᠵᠦ᠂ ᠰᠣᠩᠭᠤᠭᠤᠯᠢ ᠳᠤ ᠨᠠᠷᠢᠨ ᠬᠢᠨᠠᠮᠠᠭᠠᠢ ᠬᠠᠷᠢᠭᠤᠴᠠᠨ ᠣᠷᠣᠯᠴᠠᠵᠤ᠂ ᠲᠤᠰ ᠤᠳᠠᠭᠠᠨ ᠤ ᠬᠤᠷᠠᠯ ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ ᠭᠡᠵᠦ ᠣᠯᠠᠨ ᠢᠶᠠᠷ ᠢᠶᠠᠨ ᠰᠠᠨᠠᠯ ᠨᠢᠭᠡᠲᠡᠢ ᠢᠯᠡᠷᠬᠡᠶᠢᠯᠡᠵᠡᠭᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠪᠠᠢ ᠶᠦᠩ ᠫᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠵᠢᠦ ᠵᠢᠦ᠂ ᠭᠤᠤ ᠵᠧᠨ ᠸᠧᠢ᠂ ᠭᠥᠸᠧ ᠪᠢᠩ ᠱᠧᠩ᠂ ᠶᠦᠨ ᠺᠦᠢ᠂ ᠰᠦᠩ ᠬᠤᠢ᠂ ᠯᠥᠸᠧ ᠯᠢᠨ ᠳᠤᠭᠤᠶᠢᠯᠠᠩ ᠬᠤᠪᠢᠶᠠᠭᠰᠠᠨ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号