ᠾᠧ ᠬᠠᠢ ᠳ᠋ᠦᠩ ᠰᠠᠶᠢᠬᠠᠨ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠢᠲᠡᠭᠡᠯ ᠵᠣᠷᠢᠭ ᠢᠶᠠᠨ ᠪᠠᠳᠤᠳᠬᠠᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ︽ᠲᠡᠷᠢᠭᠦᠨ ᠲᠣᠭᠤᠷᠢᠭ︾ ᠤᠷᠢᠳᠠᠪᠠᠷ ᠲᠥᠪ ᠬᠤᠲᠠ ᠳᠠᠭᠠᠨ ︽ᠲᠦᠷᠦᠭᠦᠯᠡᠬᠦ︾ ᠬᠡᠷᠡᠭᠲᠡᠢ
ᠨᠡᠶᠢᠲᠡᠯᠡᠭᠰᠡᠨ ᠴᠠᠭ᠄
2021/2/24
      2 ᠳ᠋ᠤᠭᠠᠷ ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠰᠠᠶᠢᠬᠠᠨ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ  ᠲᠠᠢ ᠬᠠᠮᠲᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠰᠢᠢᠳᠪᠦᠷᠢ ︵ᠲᠥᠰᠥᠯ︶ ᠵᠡᠷᠭᠡ ᠶᠢ ᠬᠢᠨᠠᠨ ᠵᠥᠪᠯᠡᠪᠡ᠃      ᠹᠦ᠋ ᠶᠢᠨ ᠽᠠᠢ᠂ ᠯᠢᠦ ᠵᠢᠶᠦ᠋ᠨ ᠴᠧᠨ ᠵᠡᠷᠭᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠾᠧ ᠬᠠᠢ ᠳ᠋ᠦᠩ ᠬᠡᠯᠡᠭᠰᠡᠨ ᠨᠢ᠂ 2020 ᠣᠨ ᠳᠤ ᠪᠢᠳᠠᠨ ᠳᠤ ᠲᠤᠯᠭᠠᠷᠠᠭᠰᠠᠨ ᠥᠷᠢᠰᠦᠯᠳᠦᠭᠡᠨ ᠥᠩᠭᠡᠷᠡᠭᠰᠡᠨ ᠲᠠᠢ ᠠᠳᠠᠯᠢ ᠦᠭᠡᠢ᠂ ᠣᠯᠣᠭᠰᠠᠨ ᠬᠢᠷᠢ ᠪᠦᠲᠦᠮᠵᠢ ᠴᠢᠮᠠᠯᠠᠰᠢ ᠦᠭᠡᠢ᠂ ᠺᠠᠳ᠋ᠷᠴᠤᠳ ᠤᠨ ᠬᠦᠴᠦ ᠬᠦᠳᠡᠯᠮᠦᠷᠢ ᠶᠢ ᠦᠭᠡᠶᠢᠰᠬᠡᠵᠦ ᠪᠣᠯᠬᠤ ᠦᠭᠡᠢ᠃ 2021 ᠣᠨ ᠤ ᠠᠵᠢᠯ ᠢ ᠬᠡᠷᠬᠢᠨ ᠰᠠᠶᠢᠨ ᠬᠢᠬᠦ ᠳᠤ ᠡᠷᠬᠡᠪᠰᠢ ᠢᠲᠡᠭᠡᠯ ᠵᠣᠷᠢᠭ ᠢᠶᠠᠨ ᠪᠠᠳᠤᠳᠬᠠᠨ᠂ ᠵᠣᠷᠢᠭ  ᠰᠢᠭᠤᠳᠴᠤ᠂ ᠤᠶᠤᠨᠴᠢ ᠪᠠᠶᠢᠬᠤ ᠶᠢ ᠪᠠᠷᠢᠮᠲᠠᠯᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠵᠦ᠂ ᠨᠢᠭᠡ ᠰᠡᠳᠬᠢᠯ ᠨᠢᠭᠡ ᠵᠣᠷᠢᠭ ᠢᠶᠠᠷ ᠬᠠᠷᠠᠯᠲᠠ ᠪᠠᠨ ᠵᠣᠷᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠤᠨ ᠳᠠᠬᠢᠨ ᠨᠠᠶᠢᠳᠠᠪᠤᠷᠢᠵᠢᠭᠤᠯᠬᠤ ᠬᠡᠷᠡᠭᠲᠡᠢ᠃      ᠾᠧ ᠬᠠᠢ ᠳ᠋ᠦᠩ ᠵᠢᠭᠠᠬᠤ ᠳᠠᠭᠠᠨ᠂ ᠰᠠᠶᠢᠬᠠᠨ ᠲᠣᠭᠤᠷᠢᠭ ᠪᠦᠬᠦ ᠬᠤᠲᠠ ᠳᠤ ᠲᠤᠶᠢᠯ ᠤᠨ ᠴᠢᠬᠤᠯᠠ ᠪᠠᠶᠢᠷᠢ ᠰᠠᠭᠤᠷᠢ ᠶᠢ ᠡᠵᠡᠯᠡᠵᠦ᠂ ᠠᠵᠤ ᠠᠬᠤᠢ ᠶᠢᠨ ᠪᠠᠶᠢᠷᠢ ᠰᠠᠭᠤᠷᠢ ᠴᠢᠬᠤᠯᠠ᠂ ᠠᠵᠤ ᠦᠢᠯᠡᠰ ᠤᠨ ᠡᠵᠡᠩᠨᠡᠯᠲᠡ ᠶᠢᠨ ᠬᠡᠯᠪᠡᠷᠢ ᠪᠠᠶᠠᠯᠢᠭ᠂ ᠬᠤᠲᠠ ᠬᠥᠳᠡᠭᠡ ᠶᠢᠨ ᠨᠥᠬᠦᠴᠡᠯ ᠪᠦᠷᠢᠨ ᠲᠥᠬᠦᠷ᠂ ᠬᠥᠭᠵᠢᠯᠲᠡ ᠶᠢᠨ ᠰᠡᠯᠭᠦᠬᠦ ᠬᠦᠴᠦ ᠡᠷᠴᠢᠮᠲᠡᠢ᠂ ᠣᠷᠣᠯᠭ᠎ᠠ ᠶᠢᠨ ᠬᠤᠪᠢ ᠨᠡᠮᠡᠷᠢ ᠪᠠᠷ ᠨᠡᠯᠢᠶᠡᠳ ᠰᠠᠶᠢᠨ᠃ ᠥᠪᠡᠷᠲᠡᠭᠡᠨ ᠵᠠᠰᠠᠬᠤ ᠣᠷᠣᠨ ᠠᠴᠠ ᠬᠥᠬᠡᠬᠤᠲᠠ ᠳᠤ ︽ᠡᠮᠦᠨ᠎ᠡ ᠨᠢ ᠶᠠᠪᠤᠵᠤ᠂ ᠳᠠᠭᠤᠷᠢᠶᠠᠯ ᠦᠵᠡᠭᠦᠯᠬᠦ︾ ᠬᠡᠷᠡᠭᠲᠡᠢ ᠭᠡᠳᠡᠭ‌‍ᠱᠠᠭᠠᠷᠳᠠᠯᠭ᠎ᠠ ᠳᠤᠷᠠᠳᠤᠭᠰᠠᠨ ᠪᠢᠯᠡ᠂ ᠲᠥᠪ ᠬᠤᠲᠠ ︽ᠲᠦᠷᠦᠭᠦᠯᠡᠬᠦ︾ ᠳᠤ᠂ ᠬᠥᠬᠡᠬᠤᠲᠠ ᠶᠢᠨ ︽ᠲᠡᠷᠢᠭᠦᠨ ᠲᠣᠭᠤᠷᠢᠭ︾  ᠪᠣᠯᠬᠤ ᠪᠦᠭᠡᠳ ᠠᠯᠢ ᠣᠯᠠᠨ ᠪᠠᠶᠢᠷᠢ ᠲᠣᠭᠲᠠᠭᠠᠯᠲᠠ ᠵᠢᠴᠢ ᠳᠠᠪᠠᠭᠤᠯᠢᠭ ᠲᠠᠢ ᠰᠠᠶᠢᠬᠠᠨ ᠲᠣᠭᠤᠷᠢᠭ ᠤᠷᠢᠳᠠᠪᠠᠷ ᠲᠥᠪ ᠬᠤᠲᠠ ᠳᠠᠭᠠᠨ ︽ᠲᠦᠷᠦᠭᠦᠯᠡᠬᠦ︾ ᠬᠡᠷᠡᠭᠲᠡᠢ ᠭᠡᠵᠡᠢ᠃      ᠾᠧ ᠬᠠᠢ ᠳ᠋ᠦᠩ ᠴᠢᠬᠤᠯᠠᠴᠢᠯᠠᠭᠰᠠᠨ ᠨᠢ᠂ ᠰᠠᠶᠢᠬᠠᠨ ᠲᠣᠭᠤᠷᠢᠭ ᠨᠢᠭᠡ ᠳᠤ ᠲᠠᠷᠢᠶᠠᠯᠠᠩ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠡᠭᠡᠷ᠎ᠡ ︽ᠲᠦᠷᠦᠭᠦᠯᠡᠬᠦ︾ ᠬᠡᠷᠡᠭᠲᠡᠢ᠂ ᠤᠳᠤ ᠦᠶ᠎ᠡ ᠶᠢᠨ ᠬᠤᠲᠠ ᠶᠢᠨ ᠲᠠᠷᠢᠶᠠᠯᠠᠩ ᠠᠵᠤ ᠠᠬᠤᠢ ᠪᠠᠷ ᠭᠤᠣᠯᠳᠠᠯᠭ᠎ᠠ ᠪᠣᠯᠭᠠᠨ᠂ ︽ᠲᠠᠪᠤᠴᠢᠯᠠᠬᠤ ᠤᠭᠰᠠᠷᠠᠭ᠎ᠠ ᠴᠣᠬᠢᠯᠲᠠ︾ ᠶᠢ ᠰᠠᠶᠢᠬᠠᠨ ᠴᠣᠬᠢᠵᠤ᠂ ︽ᠬᠤᠯᠢᠰᠢᠨ ᠢᠳᠡᠭᠡᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠡᠭᠡᠷ᠎ᠡ ᠡᠮᠦᠨ᠎ᠡ ᠨᠢ ᠶᠠᠪᠤᠵᠤ᠂ ᠲᠡᠷᠢᠭᠦᠯᠡᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ   ᠲᠠᠢ ᠤᠶᠠᠯᠳᠤᠭᠤᠯᠤᠨ᠂ ︽ᠳᠣᠯᠤᠭ᠎ᠠ ᠶᠢ ᠲᠥᠬᠦᠷᠵᠢᠭᠦᠯᠬᠦ︾ ᠱᠠᠭᠠᠷᠳᠠᠯᠭ᠎ᠠ ᠶᠣᠰᠣᠭᠠᠷ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠦᠬᠦ ᠬᠤᠲᠠ ᠶᠢᠨ ᠨᠢᠭᠡᠳᠦᠯᠲᠡᠢ ᠱᠠᠭᠠᠷᠳᠠᠯᠭ᠎ᠠ ᠶᠣᠰᠣᠭᠠᠷ  ᠤᠷᠢᠳᠴᠢᠯᠠᠨ ᠲᠣᠬᠢᠷᠠᠭᠤᠯᠤᠨ ᠪᠠᠶᠢᠷᠢᠯᠠᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠢ᠃ ᠬᠤᠶᠠᠷ ᠲᠤ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠳᠡᠭᠡᠷ᠎ᠡ  ︽ᠲᠦᠷᠦᠭᠦᠯᠡᠬᠦ︾ ᠬᠡᠷᠡᠭᠲᠡᠢ᠂ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠬᠦ ᠠᠵᠢᠯ ᠢ ᠦᠷᠭᠦᠯᠵᠢᠯᠡᠨ ᠭᠠᠷ ᠲᠠᠭᠠᠨ ᠠᠳᠬᠤᠨ᠂ ᠴᠢᠷᠮᠠᠶᠢᠯᠲᠠ ᠭᠠᠷᠭᠠᠨ ᠡᠷᠭᠢᠯᠲᠡ ᠶᠢ ᠠᠳᠬᠤᠵᠤ᠂ ᠠᠬᠢᠴᠠ ᠶᠢ ᠠᠳᠬᠤᠵᠤ᠂ ᠬᠤᠳᠠᠯᠳᠤᠭᠠᠴᠢᠨ ᠤᠷᠢᠬᠤ ᠶᠢ ᠠᠳᠬᠤᠬᠤ ᠬᠡᠷᠡᠭᠲᠡᠢ ᠃ ᠭᠤᠷᠪᠠ ᠳᠤ ᠬᠤᠲᠠ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠳᠡᠭᠡᠷ᠎ᠡ ︽ᠲᠦᠷᠦᠭᠦᠯᠡᠬᠦ︾ ᠬᠡᠷᠡᠭᠲᠡᠢ᠂ ᠲᠥᠯᠥᠪᠵᠢᠭᠦᠯᠭᠡ ᠶᠢᠨ ᠲᠠᠯ᠎ᠠ ᠪᠠᠷ ᠲᠥᠯᠥᠪᠵᠢᠭᠦᠯᠭᠡ ᠶᠢᠨ ᠬᠠᠳᠠᠨ ᠴᠢᠨᠠᠷ ᠢ ᠪᠠᠳᠠᠷᠠᠭᠤᠯᠤᠨ᠂ ᠪᠦᠬᠦ ᠬᠤᠲᠠ ᠶᠢᠨ ︽ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠲᠥᠰᠥᠪᠯᠡᠬᠦ︾ ᠬᠡᠷᠡᠭᠲᠡᠢ︔ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠪᠦᠬᠦ ᠬᠤᠲᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠴᠠᠭ ᠤᠨ ᠳᠠᠷᠠᠭᠠᠯᠠᠯ ᠤᠨ ᠠᠬᠢᠴᠠ ᠶᠢ ᠪᠠᠷᠢᠮᠲᠠᠯᠠᠨ᠂ ᠡᠯ᠎ᠡ ᠵᠦᠢᠯ ᠤᠨ ᠡᠭᠦᠷᠭᠡ ᠶᠢ ᠲᠤᠭ᠎ᠠ ᠶᠣᠰᠣᠭᠠᠷ ᠴᠢᠨᠠᠷ ᠲᠠᠢ ᠪᠡᠶᠡᠯᠡᠭᠦᠯᠬᠦ ᠬᠡᠷᠡᠭᠲᠡᠢ︔ ᠬᠠᠮᠢᠶᠠᠷᠤᠯᠲᠠ ᠶᠢᠨ ᠲᠠᠯ᠎ᠠ ᠪᠠᠷ ︽ᠬᠤᠸᠠᠷ ᠬᠠᠳᠬᠤᠬᠤ︾ ᠤᠷ᠎ᠠ ᠡᠷᠳᠡᠮ ᠭᠠᠷᠭᠠᠨ᠂ ᠠᠵᠢᠯ ᠢᠶᠠᠨ ᠨᠠᠷᠢᠯᠢᠭ ᠣᠨᠣᠪᠴᠢᠲᠠᠢ ᠪᠣᠳᠠᠲᠠᠢ ᠬᠢᠬᠦ ᠬᠡᠷᠡᠭᠲᠡᠢ᠃ ᠳᠥᠷᠪᠡ ᠳᠤ ᠠᠷᠠᠳ ᠤᠨ ᠠᠮᠢᠳᠤᠷᠠᠯ ᠢ ᠪᠠᠲᠤᠯᠠᠵᠤ ᠰᠠᠶᠢᠵᠢᠷᠠᠭᠤᠯᠬᠤ ᠳᠡᠭᠡᠷ᠎ᠡ ︽ᠲᠦᠷᠦᠭᠦᠯᠡᠬᠦ︾ ᠬᠡᠷᠡᠭᠲᠡᠢ᠂ ᠬᠦᠴᠦᠨ ᠴᠢᠳᠠᠯ ᠢᠶᠠᠨ ᠲᠥᠪᠯᠡᠷᠡᠭᠦᠯᠦᠨ ᠰᠤᠷᠭᠠᠨ ᠬᠥᠮᠥᠵᠢᠯ᠂ ᠡᠮ ᠡᠮᠨᠡᠯᠭᠡ ᠶᠢᠨ ᠬᠥᠭᠵᠢᠯᠲᠡ ᠪᠠ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠠᠢ ᠤᠴᠢᠷ ᠢ ᠨᠢᠭᠡ ᠶᠢ ᠬᠢᠪᠡᠯ ᠨᠢᠭᠡ ᠶᠢ ᠪᠦᠲᠦᠭᠡᠵᠦ᠂ ᠨᠢᠭᠡ ᠶᠢ ᠪᠦᠲᠦᠭᠡᠪᠡᠯ ᠨᠢᠭᠡ ᠶᠢ ᠡᠭᠡᠯ ᠲᠦᠮᠡᠨ ᠳᠤ ᠡᠳ᠋ᠯᠡᠭᠦᠯᠬᠦ ᠬᠡᠷᠡᠭᠲᠡᠢ᠃ ᠲᠠᠪᠤ ᠳᠤ ᠺᠠᠳ᠋ᠷᠴᠤᠳ ᠤᠨ ᠠᠵᠢᠯ ᠤᠨ ᠰᠤᠷᠲᠠᠯ ᠢ ᠬᠤᠪᠢᠷᠠᠭᠤᠯᠬᠤ ᠳᠡᠭᠡᠷ᠎ᠡ ︽ᠲᠦᠷᠦᠭᠦᠯᠡᠬᠦ ︾ ᠬᠡᠷᠡᠭᠲᠡᠢ᠂ ᠲᠡᠷᠢᠭᠦᠨ ᠢ ᠲᠡᠮᠡᠴᠡᠨ ᠣᠷᠣᠨ ᠳᠠᠪᠰᠢᠬᠤ᠂ ᠰᠤᠷᠤᠯᠴᠠᠯᠭ᠎ᠠ ᠪᠠᠨ ᠠᠳᠠᠯᠢᠳᠬᠠᠨ ᠳᠠᠪᠠᠵᠤ ᠭᠠᠷᠬᠤ ᠤᠬᠠᠮᠰᠠᠷ ᠢ ᠪᠤᠢ ᠪᠣᠯᠭᠠᠨ᠂ ᠬᠠᠷᠠᠯᠲᠠ ᠲᠣᠭᠲᠠᠭᠠᠨ ᠬᠠᠷᠠᠭ᠎ᠠ ᠪᠠᠨ ᠥᠷᠭᠡᠳᠬᠡᠵᠦ᠂ ᠺᠠᠳ᠋ᠷ ᠢ ᠵᠣᠷᠢᠭᠲᠠᠢ ᠲᠣᠮᠢᠯᠠᠨ ᠬᠡᠷᠡᠭᠯᠡᠵᠦ᠂ ᠣᠯᠠᠨ ᠢ ᠣᠷᠭᠢᠯᠤᠮ᠎ᠠ ᠰᠡᠳᠬᠢᠯᠭᠡ ᠲᠠᠢ ᠪᠠᠷ ᠠᠵᠢᠯ ᠳᠤᠨᠢ ᠰᠢᠮᠳᠠᠭᠤᠯᠬᠤ ᠬᠡᠷᠡᠭᠲᠡᠢ ᠭᠡᠵᠡᠢ᠃      ᠾᠧ ᠬᠠᠢ ᠳ᠋ᠦᠩ ᠪᠠᠰᠠ ᠰᠠᠶᠢᠬᠠᠨ ᠲᠣᠭᠤᠷᠢᠭ ᠲᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠨᠡᠶᠢᠭᠡᠮ ᠤᠨ ᠵᠠᠰᠠᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ᠂ ᠤᠯᠤᠰ ᠲᠥᠷᠥ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号