ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠵᠥᠪᠯᠡᠯ ᠤᠨ ᠥᠷᠭᠡᠳᠬᠡᠭᠰᠡᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/25
     2 ᠳ᠋ᠤᠭᠠᠷ ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠵᠥᠪᠯᠡᠯ ᠤᠨ ᠥᠷᠭᠡᠳᠬᠡᠭᠰᠡᠨ ᠬᠤᠷᠠᠯ ᠬᠤᠷᠠᠯᠳᠤᠵᠤ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠵᠥᠪᠯᠡᠯ ᠤᠨ ᠳᠡᠳ᠋ ᠱᠦᠵᠢ ᠪᠠᠶ ᠹᠧᠨ ᠪᠢᠩ ᠬᠤᠷᠠᠯ ᠡᠷᠭᠢᠯᠡᠵᠦ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠵᠥᠪᠯᠡᠯ ᠤᠨ ᠱᠦᠵᠢ ᠯᠢᠦ ᠵᠣᠣ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ ᠰᠢᠨ᠎ᠡ ᠬᠤᠳᠠ ᠲᠣᠭᠤᠷᠢᠭ ᠤᠨ 2020 ᠣᠨ ᠤ ᠰᠤᠷᠭᠠᠨ ᠬᠥᠮᠦᠵᠢᠯ ᠤᠨ ᠠᠵᠢᠯ ᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ 2021 ᠣᠨ ᠤ ᠠᠵᠢᠯ ᠤᠨ ᠲᠤᠬᠢᠷᠠᠭᠤᠯᠤᠯᠳᠠ ᠶᠢ ᠰᠣᠨᠣᠰᠪᠠ᠃
     ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠢᠮᠠᠭᠲᠠ ︽ᠬᠤᠶᠠᠷ ᠢ ᠬᠦᠷᠢᠶᠡᠯᠡᠬᠦ︾ ᠤᠯᠤᠰ ᠲᠥᠷᠥ ᠶᠢᠨ ᠥᠨᠳᠥᠷ ᠲᠤ ᠵᠣᠭᠰᠣᠨ ᠰᠢᠨ᠎ᠡ ᠬᠤᠳᠠ ᠲᠣᠭᠤᠷᠢᠭ ᠤᠨ ᠰᠤᠷᠭᠠᠨ ᠬᠥᠮᠦᠵᠢᠯ  ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ︔ ᠠᠵᠢᠯ ᠤᠨ ᠭᠤᠤᠯᠳᠠᠯᠭ᠎ᠠ ᠪᠠᠨ ᠳᠣᠪᠣᠶᠢᠯᠭᠠᠵᠤ᠂ ᠠᠰᠠᠭᠤᠳᠠᠯ  ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ ᠶᠢ ᠠᠬᠢᠭᠤᠯᠬᠤ ᠬᠡᠷᠡᠭᠲᠡᠶ︔ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠬᠠᠮᠠᠭᠠᠯᠠᠬᠤ ᠬᠡᠷᠡᠭᠲᠡᠢ ᠭᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠪᠦᠯ ᠤᠨ ᠠᠮᠠᠷᠠᠯᠲᠠ ᠰᠢᠪᠲᠤᠷᠭᠠᠨ ᠳᠠᠭᠠᠨ ᠣᠷᠣᠵᠤ᠂ ᠬᠠᠪᠤᠷ  ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠤᠳᠠᠯ ᠦᠭᠡᠢ ᠡᠬᠢᠯᠡᠬᠦ ᠪᠣᠯᠤᠯ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠵᠠᠪᠠᠯ ᠰᠠᠶᠢᠲᠤᠷ ᠠᠳᠬᠤᠵᠤ᠂ ᠰᠤᠯᠠᠷᠠᠭᠤᠯᠤᠯ ᠦᠭᠡᠢ ᠪᠠᠶᠢᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠠᠷᠢᠭᠤᠳᠬᠠᠨ ᠴᠡᠪᠡᠷᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ︔ ᠪᠠᠭᠰᠢ ᠰᠤᠷᠤᠭᠴᠢᠳ ᠰᠤᠷᠭᠠᠭᠤᠯᠢ ᠳᠠᠭᠠᠨ ᠪᠤᠴᠠᠬᠤ ᠠᠴᠠ 14 ᠡᠳᠦᠷ  ᠤᠨ ᠡᠮᠦᠨᠡᠬᠢ ᠥᠪᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠶᠠᠪᠤᠵᠤ ᠰᠠᠭᠤᠭᠰᠠᠨ ᠪᠠᠶᠢᠳᠠᠯ ᠤᠨ ᠮᠡᠳᠡᠭᠦᠯᠦᠯᠲᠡ ᠶᠢ ᠰᠠᠶᠢᠲᠤᠷ ᠬᠢᠵᠦ᠂ ᠰᠠᠭᠤᠷᠢ ᠲᠤᠭ᠎ᠠ ᠲᠣᠳᠣᠷᠬᠠᠶ᠂ ᠪᠠᠶᠢᠳᠠᠯ ᠲᠣᠳᠣᠷᠬᠠᠶ ᠪᠠᠶᠢᠬᠤ ᠶᠢ ᠦᠨᠡᠨᠬᠦ  ᠪᠠᠲᠤᠯᠠᠬᠤ ᠬᠡᠷᠡᠭᠲᠡᠢ︔ ᠬᠤᠭᠤᠴᠠᠭ᠎ᠠ ᠪᠦᠯᠦᠭ ᠬᠤᠪᠢᠶᠠᠨ ᠣᠷᠭᠢᠯ ᠠᠯᠤᠰᠯᠠᠨ ᠰᠤᠷᠭᠠᠭᠤᠯᠢ ᠳᠤ ᠪᠠᠨ ᠪᠤᠴᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭᠰᠢ ᠰᠤᠷᠤᠭᠴᠢ᠂ ᠭᠡᠷ ᠤᠨ ᠠᠬᠠᠮᠠᠳ ᠰᠤᠷᠭᠠᠭᠤᠯᠢ ᠶᠢᠨ ᠡᠭᠦᠳᠡᠨ ᠳᠤ ᠴᠤᠭᠯᠠᠷᠠᠬᠤ ᠠᠴᠠ ᠵᠠᠶᠢᠯᠠᠰᠭᠢᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号