ᠰᠢᠨ᠎ᠡ ᠬᠤᠲᠠ ᠲᠣᠭᠤᠷᠢᠭ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/25
     2 ᠳ᠋ᠤᠭᠠᠷ ᠰᠠᠷ᠎ᠠ ᠶᠢᠨ 23 ᠤ ᠡᠳᠦᠷ᠂ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠣᠳᠣᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ  ᠤᠨ ᠰᠠᠭᠤᠭᠠᠯᠢ ᠠᠷᠠᠳ ᠤᠨ ᠬᠤᠭ ᠨᠣᠪᠰᠢ ᠶᠢᠨ ᠰᠠᠪᠠ᠂ ᠬᠤᠭ ᠨᠣᠪᠰᠢ ᠶᠢᠨ ᠤᠭᠤᠲᠠ ᠲᠠᠷᠬᠠᠭᠠᠬᠤ ᠲᠤᠷᠰᠢᠯᠲᠠ  ᠶᠢᠨ ᠠᠵᠢᠯ ᠢ ᠲᠣᠬᠢᠷᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠠᠵᠢᠯ ᠢ ᠪᠥᠬᠦ ᠲᠠᠯ᠎ᠠ  ᠪᠠᠷ ᠶᠠᠪᠤᠭᠳᠠᠭᠤᠯᠬᠤ ᠶᠢ ᠦᠨᠡᠨᠬᠦ ᠪᠠᠲᠤᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠨᠡᠶᠢᠭᠡᠮᠴᠢᠯᠡᠨ ᠣᠷᠣᠯᠴᠠᠬᠤ ᠶᠢ ᠪᠠᠶᠢᠷᠢᠯᠠᠭᠤᠯᠪᠠ᠃ ᠵᠡᠭᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠪᠣᠯᠤᠨ ᠡᠯ᠎ᠡ ᠵᠥᠪᠯᠡᠯ ᠠᠯᠪᠠᠨ ᠭᠡᠷ ᠲᠣᠪᠴᠢᠶᠠᠨ ᠤ ᠭᠤᠣᠯ ᠬᠠᠷᠢᠭᠤᠴᠠᠯᠭᠠᠲᠠᠨ ᠬᠤᠷᠠᠯ  ᠳᠤ ᠣᠷᠣᠯᠴᠠᠵᠠᠢ᠃      ᠬᠤᠷᠠᠯ ᠳᠡᠭᠡᠷ᠎ᠡ᠂ ᠤᠳᠤᠨ ᠵᠢᠭᠠᠵᠤ ᠭᠠᠷᠭᠠᠭᠰᠠᠨ ᠨᠢ᠂ ᠬᠤᠶᠠᠷ ᠲᠦᠷᠦᠯ ᠬᠤᠪᠢᠶᠠᠭᠰᠠᠨ ᠬᠤᠭ ᠨᠣᠪᠰᠢ  ᠶᠢᠨ ᠰᠠᠪᠠ ᠪᠣᠯᠤᠨ ᠵᠠᠳᠠᠷᠠᠵᠤ ᠪᠤᠯᠠᠬᠤ ᠰᠦᠯᠢᠶᠣᠣ ᠤᠭᠤᠲᠠ ᠶᠢ ᠲᠠᠷᠬᠠᠭᠠᠬᠤ ᠨᠢ ᠬᠤᠭ ᠨᠣᠪᠰᠢ ᠶᠢ ᠡᠬᠢ ᠡᠭᠦᠰᠦᠯ  ᠠᠴᠠ ᠨᠢ ᠲᠦᠷᠦᠯ ᠬᠤᠪᠢᠶᠠᠬᠤ ᠰᠠᠪᠠ ᠭᠦᠢᠴᠡᠳ ᠪᠤᠰᠤ᠂ ᠪᠠᠷᠢᠮᠵᠢᠶ᠎ᠠ ᠦᠭᠡᠢ ᠠᠰᠠᠭᠤᠳᠠᠯ ᠢ ᠵᠣᠬᠢᠬᠤ ᠬᠡᠮᠵᠢᠶ᠎ᠡ ᠪᠠᠷ ᠰᠢᠢᠳᠪᠦᠷᠢᠯᠡᠵᠦ᠂ ᠰᠠᠭᠤᠭᠠᠯᠢ ᠠᠷᠠᠳ ᠭᠡᠷ ᠲᠡᠭᠡᠨ ᠳᠠᠷᠤᠢ ᠳᠥᠭᠦᠮ ᠳᠥᠲᠡ᠂ ᠵᠢᠷᠤᠮᠵᠢᠯ ᠲᠠᠢ ᠪᠠᠷ ᠬᠤᠭ ᠨᠣᠪᠰᠢ  ᠶᠢ ᠲᠦᠷᠦᠯ ᠬᠤᠪᠢᠶᠠᠵᠤ ᠪᠣᠯᠤᠨ᠎ᠠ᠃ ᠡᠨᠡ ᠨᠢ ᠬᠤᠭ ᠨᠣᠪᠰᠢ ᠶᠢ ᠲᠥᠷᠥᠯ ᠬᠤᠪᠢᠶᠠᠨ ᠰᠢᠶᠳᠪᠦᠷᠢᠯᠡᠬᠦ ᠳᠤ ᠰᠠᠭᠤᠭᠠᠯᠢ ᠠᠷᠠᠳ ᠤᠨ ᠢᠳᠡᠪᠬᠢᠲᠡᠶ ᠣᠷᠣᠯᠴᠠᠬᠤ ᠳᠤ ᠠᠰᠢᠭᠲᠠᠶ ᠪᠠᠷ ᠪᠠᠷᠠᠬᠤ ᠥᠬᠡᠶ ᠪᠠᠰᠠ ᠬᠤᠭ ᠨᠣᠪᠰᠢ ᠶᠢ ᠲᠥᠷᠥᠯ ᠬᠤᠪᠢᠶᠠᠨ ᠰᠢᠶᠳᠪᠦᠷᠢᠯᠡᠬᠦ ᠰᠡᠭᠦᠯᠴᠢ ᠶᠢᠨ ᠬᠤᠭᠤᠴᠠᠭᠠᠨ ᠤ ᠨᠡᠶᠢᠭᠡᠮ ᠤᠨ ᠥᠪᠡᠷ ᠤᠨ ᠥᠷᠲᠡᠭ ᠢ ᠶᠡᠭᠡ  ᠪᠠᠷ ᠪᠠᠭᠤᠷᠠᠭᠤᠯᠵᠤ᠂ ᠲᠥᠷᠥᠯ ᠬᠤᠪᠢᠶᠠᠨ ᠰᠢᠶᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠪᠠᠶᠢᠨ᠎ᠠ ᠭᠡᠪᠡ᠃      ᠣᠳᠣᠨ ᠴᠢᠬᠤᠯᠠᠴᠢᠯᠠᠭᠰᠠᠨ ᠨᠢ᠂ ᠮᠠᠨ ᠤ ᠲᠤᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠬᠡᠳᠦᠶᠢᠪᠡᠷ ᠦᠰᠦᠷᠦᠩᠭᠦᠢ ᠳᠠᠪᠰᠢᠯᠲᠠ ᠲᠠᠢ ᠪᠣᠯᠤᠭᠰᠠᠨ ᠪᠣᠯᠪᠠᠴᠤ᠂ ᠪᠥᠬᠦ ᠤᠯᠤᠰ ᠤᠨ ᠬᠤᠭ ᠨᠣᠪᠰᠢ ᠶᠢ ᠲᠥᠷᠥᠯ ᠬᠤᠪᠢᠶᠠᠭᠰᠠᠨ ᠲᠡᠷᠢᠭᠦᠨ ᠤ ᠬᠤᠲᠠ ᠲᠠᠢ ᠬᠠᠷᠢᠴᠠᠭᠤᠯᠪᠠᠯ᠂ ᠬᠤᠭ ᠨᠣᠪᠰᠢ ᠶᠢ ᠲᠥᠷᠥᠯ ᠬᠤᠪᠢᠶᠠᠬᠤ ᠬᠡᠰᠡᠭ ᠠᠵᠢᠯ  ᠤᠨ ᠳᠤᠮᠳᠠ ᠪᠠᠰᠠ ᠵᠠᠷᠢᠮ ᠳᠤᠲᠠᠭᠤᠳᠠᠯ ᠪᠠ ᠪᠠᠭᠤᠷᠠᠶ ᠲᠠᠯ᠎ᠠ ᠣᠷᠣᠰᠢᠵᠤ ᠪᠠᠶᠢᠨ᠎ᠠ᠂ ᠵᠢᠱᠢᠶᠡᠯᠡᠪᠡᠯ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠣᠳᠠᠲᠤ ᠦᠷ᠎ᠡ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠰᠠᠭᠤᠭᠠᠯᠢ ᠠᠷᠠᠳ ᠲᠥᠷᠥᠯ ᠬᠤᠪᠢᠶᠠᠨ ᠬᠠᠶᠠᠬᠤ ᠳᠠᠳᠬᠠᠯ ᠦᠭᠡᠢ︔ ᠲᠣᠭᠤᠭᠠᠨ ᠭᠡᠷ ᠤᠨ ᠬᠤᠭ ᠨᠣᠪᠰᠢ ᠶᠢ ᠰᠢᠶᠳᠪᠦᠷᠢᠯᠡᠬᠦ ᠳᠤᠲᠠᠭᠤᠳᠠᠯ ᠳᠤᠪᠤᠶᠢᠮ᠎ᠠ ᠪᠠᠶᠢᠨ᠎ᠠ᠃ ᠰᠠᠭᠤᠭᠠᠯᠢ ᠠᠷᠠᠳ  ᠤᠨ ᠤᠬᠠᠮᠰᠠᠷ ᠠᠴᠠ ᠪᠠᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠳᠠᠳᠬᠠᠯ ᠢ ᠦᠶᠯᠡᠳᠦᠯᠭᠡᠵᠢᠭᠦᠯᠬᠦ ᠶᠢ ᠶᠡᠬᠡᠪᠡᠷ ᠠᠬᠢᠭᠤᠯᠵᠤ᠂ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠬᠠᠷᠢᠭᠤᠴᠠᠯᠭ᠎ᠠ ᠶᠢ ᠢᠳᠡᠪᠬᠢᠲᠡᠶ ᠦᠶᠯᠡᠳᠦᠯᠭᠡᠵᠢᠭᠦᠯᠬᠦ ᠶᠢ ᠵᠣᠷᠢᠭᠵᠢᠭᠤᠯᠬᠤ ᠶᠢᠨ ᠬᠠᠮᠲᠤ᠂ ᠡᠯ᠎ᠡ ᠭᠠᠵᠠᠷ ᠣᠷᠣᠨ᠂ ᠡᠯ᠎ᠡ ᠨᠢᠭᠡᠴᠢ ᠶᠢᠨ ᠬᠢᠨ ᠵᠣᠬᠢᠶᠠᠨ ᠪᠠᠶᠢᠭᠤᠯᠤᠨ ᠤᠳᠤᠷᠢᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ︔ ᠡᠬᠢ ᠡᠭᠦᠰᠦᠯ  ᠠᠴᠠ ᠨᠢ ᠤᠬᠠᠭᠤᠯᠤᠨ ᠬᠥᠮᠦᠵᠢᠭᠦᠯᠵᠦ ᠬᠢᠨᠠᠨ ᠵᠢᠯᠣᠭᠤᠳᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ  ᠶᠢᠨ ᠠᠷᠠᠳ ᠢ ᠬᠥᠲᠥᠯᠥᠨ ᠵᠢᠯᠣᠭᠤᠳᠴᠤ ᠲᠥᠷᠥᠯ ᠬᠤᠪᠢᠶᠠᠨ ᠬᠠᠶᠠᠬᠤ ᠳᠠᠳᠬᠠᠯ ᠲᠠᠢ ᠪᠣᠯᠭᠠᠨ᠎ᠠ︔ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠬᠢᠨᠠᠨ ᠰᠢᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠢᠯᠡ ᠲᠣᠳᠣ ᠤᠳᠤᠷᠢᠳᠤᠮᠵᠢ ᠶᠢ ᠪᠣᠶ ᠪᠣᠯᠭᠠᠬᠤ ᠬᠡᠷᠡᠭᠲᠡᠶ ᠭᠡᠪᠡ      ᠬᠤᠷᠠᠯ ᠠᠴᠠ ᠵᠢᠭᠠᠵᠣ ᠭᠠᠷᠭᠠᠭᠰᠠᠨ ᠨᠢ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠪᠣᠯ ᠰᠢᠰᠲ᠋ᠧᠮᠲᠦ ᠴᠢᠨᠠᠷᠲᠠᠶ᠂ ᠪᠤᠳᠤᠯᠢᠶᠠᠨᠲᠤ ᠴᠢᠨᠠᠷᠲᠠᠶ᠂ ᠣᠷᠳᠣ ᠬᠤᠭᠤᠴᠠᠭᠠᠲᠤ ᠴᠢᠨᠠᠷᠲᠠᠶ ᠤᠨᠴᠠᠯᠢᠭᠲᠤ ᠨᠡᠶᠢᠭᠡᠮ ᠤᠨ ᠵᠠᠰᠠᠯᠲᠠ  ᠶᠢᠨ ᠠᠵᠢᠯ ᠪᠣᠯᠤᠨ᠎ᠠ᠂ ᠡᠯ᠎ᠡ ᠭᠠᠵᠠᠷ ᠣᠷᠣᠨ᠂ ᠡᠯ᠎ᠡ ᠨᠢᠭᠡᠴᠡ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠵᠢᠯᠴᠠᠨ ᠬᠠᠮᠵᠢᠯᠴᠠᠵᠤ᠂ ︽ᠵᠠᠰᠠᠭ ᠤᠨ ᠣᠷᠳᠣᠨ  ᠢᠶᠠᠷ ᠭᠤᠤᠯᠯᠠᠭᠤᠯᠤᠭᠰᠠᠨ᠂ ᠪᠥᠬᠦ ᠠᠷᠠᠳ ᠢᠶᠠᠷ ᠢᠶᠠᠨ ᠣᠷᠣᠯᠴᠠᠭᠰᠠᠨ᠂ ᠵᠠᠬ᠎ᠠ ᠳᠡᠯᠭᠡᠭᠦᠷ ᠢᠶᠠᠷ ᠠᠵᠢᠯᠯᠠᠭᠤᠯᠤᠭᠰᠠᠨ᠂ ᠵᠣᠬᠢᠴᠠᠩᠭᠤᠶ ᠬᠥᠭᠵᠢᠭᠰᠡᠨ︾ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠶᠢ ᠠᠬᠢᠭᠤᠯᠵᠤ᠂ ᠰᠢᠨ᠎ᠡ ᠬᠤᠲᠠ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠬᠥᠭᠵᠢᠬᠦ ᠶᠢ ᠠᠬᠢᠭᠤᠯᠵᠤ᠂ ᠰᠢᠨ᠎ᠡ ᠳᠡᠭᠲᠡᠷ ᠲᠤ ᠭᠠᠷᠭᠠᠬᠤ ᠬᠡᠷᠡᠭᠲᠡᠶ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号