ᠴᠢᠩ ᠱᠦᠶ ᠾᠧ ᠰᠢᠶᠠᠨ ᠡᠶ᠎ᠡ ᠵᠣᠬᠢᠴᠠᠩᠭᠤᠶ ᠬᠥᠳᠡᠯᠮᠦᠷᠢ ᠶᠢᠨ ᠬᠠᠷᠢᠴᠠᠭ᠎ᠠ ᠶᠢᠨ ᠰᠢᠨ᠎ᠡ ᠪᠠᠶᠢᠷᠢᠰᠢᠯ ᠢ ᠢᠳᠡᠪᠬᠢᠲᠡᠶ ᠪᠠᠶᠢᠭᠤᠯᠪᠠ
ᠨᠡᠶᠢᠲᠡᠯᠡᠭᠰᠡᠨ ᠴᠠᠭ᠄
2021/2/25
     ᠨᠢᠭᠡ ᠵᠢᠯ ᠤᠨ ᠲᠤᠷᠰᠢ᠂ ᠴᠢᠩ ᠱᠦᠶ ᠾᠧ ᠰᠢᠶᠠᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢ ᠨᠢᠭᠡᠨ ᠴᠢᠬᠤᠯᠠ ᠠᠵᠢᠯ ᠪᠣᠯᠭᠠᠨ ᠠᠳᠬᠤᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠥᠳᠡᠯᠮᠦᠷᠢ ᠶᠢᠨ ᠬᠠᠷᠢᠴᠠᠭ᠎ᠠ ᠶᠢᠨ ᠠᠶᠤᠯ ᠲᠦᠭᠰᠢᠭᠦᠷᠢ ᠶᠢᠨ ᠳᠠᠯᠳᠠ ᠭᠡᠮ ᠢ ᠢᠳᠡᠪᠬᠢᠲᠡᠶ ᠪᠠᠷ ᠠᠷᠢᠯᠭᠠᠵᠤ᠂ ᠲᠥᠷᠥᠯ ᠬᠤᠪᠢᠶᠠᠨ ᠵᠢᠯᠣᠭᠤᠳᠴᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠦᠬᠦ ᠰᠢᠶᠠᠨ ᠤ ᠠᠵᠤ ᠠᠬᠤᠶᠢᠯᠠᠯ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠬᠥᠲᠥᠯᠥᠨ ᠵᠢᠯᠣᠭᠤᠳᠴᠤ ᠬᠠᠪᠰᠤᠷᠤᠨ᠂ ᠪᠦᠬᠦ ᠰᠢᠶᠠᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠶᠢ ᠲᠦᠯᠬᠢᠨ ᠠᠬᠢᠭᠤᠯᠪᠠ᠃ ᠪᠥᠬᠦ ᠰᠢᠶᠠᠨ ᠤ 《 ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ 》᠂ 《ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ 》 ᠵᠡᠷᠭᠡ ᠨᠥᠬᠦᠴᠡᠯ ᠳᠤ ᠨᠡᠶᠢᠴᠡᠭᠰᠡᠨ ᠬᠤᠳᠠᠯᠳᠤᠭᠠᠴᠢᠳ ᠲᠤ ᠨᠡᠶᠢᠲᠡ 218 . 35 ᠲᠦᠮᠡᠨ ᠲᠥᠭᠦᠷᠢᠭ ᠤᠨ ᠨᠥᠬᠦᠪᠥᠷᠢ ᠣᠯᠭᠤᠪᠠ᠃ ᠡᠭᠦᠨ ᠤ ᠬᠠᠮᠲᠤ ᠪᠠᠶᠢᠩᠭᠤᠵᠢᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠰᠢᠨ᠎ᠡ ᠶᠢ ᠡᠭᠦᠳᠬᠦ ᠤᠬᠠᠭᠤᠯᠭ᠎ᠠ ᠪᠠᠷ ᠳᠠᠮᠵᠢᠭᠤᠯᠤᠨ᠂ 《 ᠳᠥᠷᠪᠡᠨ ᠲᠦᠷᠢᠮ ᠬᠤᠶᠠᠷ ᠮᠥᠩᠭᠦ 》 ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠥᠳᠡᠯᠮᠦᠷᠢ ᠬᠦᠴᠦ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠪᠣᠳᠠᠲᠤ ᠦᠷ᠎ᠡ ᠪᠦᠲᠦᠮᠵᠢ ᠤᠯᠪᠠ᠃ ᠴᠢᠩ ᠱᠦᠶ ᠾᠧ ᠰᠢᠶᠠᠨ ᠤ ᠱᠧᠩ ᠯᠢ ᠬᠤᠩ ᠬᠤᠸᠠ ᠬᠢᠵᠠᠭᠠᠷᠲᠤ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠢᠨᠵᠧᠨᠧᠷᠢᠩ ᠤᠨ ᠲᠡᠰᠦᠷᠡᠭᠦᠯᠦᠭᠴᠢ ᠦᠶᠯᠡᠳᠪᠦᠷᠢᠯᠡᠬᠦ ᠦᠶᠯᠡᠳᠪᠦᠷᠢ ᠪᠣᠯᠤᠭᠰᠠᠨ ᠤ ᠬᠤᠪᠢ ᠳᠤ 1970 ᠣᠨ ᠳᠤ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠣᠲᠣ ᠠᠵᠢᠯ ᠤᠨ ᠪᠠᠶᠢᠷᠢ ᠳᠤ ᠪᠠᠶᠢᠭ᠎ᠠ ᠠᠵᠢᠯᠴᠢᠨ 512 ᠪᠠᠶᠢᠵᠤ᠂ ᠺᠣᠮᠫᠠᠨᠢ ᠨᠢ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠠᠵᠢᠯᠴᠢᠨ ᠤ ᠴᠠᠯᠢᠩ᠂ ᠠᠰᠠᠷᠠᠮᠵᠢ᠂ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ  ᠢ ᠪᠥᠬᠦ ᠲᠠᠯ᠎ᠠ ᠪᠠᠷ ᠪᠠᠲᠤᠯᠠᠨ ᠨᠠᠶᠢᠳᠠᠪᠤᠷᠢᠵᠢᠭᠤᠯᠵᠤ ᠪᠠᠶᠢᠨ᠎ᠠ᠃ 2020 ᠣᠨ ᠳᠤ᠂ ᠪᠦᠬᠦ ᠰᠢᠶᠠᠨ ᠤ ᠡᠯ᠎ᠡ ᠲᠠᠯ᠎ᠠ  ᠶᠢᠨ ᠴᠢᠷᠮᠠᠶᠢᠯᠭ᠎ᠠ ᠪᠠᠷ᠂ ᠥᠪᠥᠷ ᠮᠣᠩᠭᠤᠯ ᠤᠨ ᠱᠧᠩ ᠯᠢ ᠡᠬᠢ ᠪᠠᠶᠠᠯᠢᠭ ᠤᠨ ᠪᠦᠯᠦᠭᠯᠡᠯ ᠤᠨ ᠤᠯᠠᠭᠠᠨ ᠲᠤᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ 《 ᠪᠦᠬᠦ ᠣᠷᠣᠨ ᠤ ᠵᠢᠱᠢᠶᠡᠴᠢ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢᠨ ᠨᠢᠭᠡᠴᠢ 》 ᠶᠢᠨ ᠢᠷᠠᠭᠤ ᠠᠯᠳᠠᠷ ᠢ ᠬᠦᠷᠲᠡᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号